ᠰᠦᠬᠡ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠳᠤ ᠵᠢᠵᠢᠭᠦᠷᠯᠡᠨ ᠰᠤᠷᠪᠤᠯᠵᠢᠯᠠᠭ᠎ᠠ ᠬᠦᠯᠢᠶᠡᠪᠡ
ᠨᠡᠶᠢᠲᠡᠯᠡᠭᠰᠡᠨ ᠴᠠᠭ᠄
2025/4/30
        4 ᠰᠠᠷ᠎ᠠ ᠶᠢᠨ 22 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠳᠤᠪᠴᠢᠶ᠎ᠠ ᠳᠤ ᠵᠢᠵᠢᠭᠦᠷᠯᠡᠨ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃        ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠲᠠᠰᠤᠭ ᠲᠤ᠂ ᠰᠦᠬᠡ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ ᠭᠤᠮᠣᠳᠠᠯ ᠱᠠᠭᠠᠷᠳᠠᠯᠭ᠎ᠠ ᠶᠢ ᠰᠣᠨᠣᠰᠴᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠤᠨ ᠪᠤᠢ ᠪᠣᠯᠤᠭᠰᠠᠨ ᠰᠢᠯᠲᠠᠭᠠᠨ ᠢ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃ ᠲᠡᠷᠡ ᠬᠡᠯᠡᠭᠰᠡᠨ ᠨᠢ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ᠨᠠᠮ ᠤᠨ ᠤᠯᠠᠨ ᠲᠦᠮᠡᠨ ᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠃ ᠤᠳᠤᠷᠢᠳᠬᠤ ᠺᠠᠳ᠋ᠷ ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠠᠷᠢᠭᠤᠴᠠᠯᠭᠠᠳᠦ ᠰᠡᠳᠭᠢᠯᠭᠡ ᠪᠠᠷ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠲᠦᠷᠭᠡᠳᠭᠡᠨ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠡᠰ ᠳᠠᠷᠠᠭᠠᠯᠠᠯ ᠤᠨ ᠵᠢᠷᠤᠮᠵᠢᠯ ᠢᠶᠠᠷ ︽ᠬᠡᠷᠡᠭ ᠶᠠᠪᠤᠳᠠᠯ ᠢ ᠰᠢᠢᠳᠪᠦᠷᠢᠯᠡᠬᠦ︾ ᠶᠢ ᠠᠬᠢᠭᠤᠯᠬᠤ ᠬᠡᠷᠡᠭᠲᠡᠢ᠃ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠭᠡᠬᠦ ᠠᠷᠭ᠎ᠠ ᠵᠠᠮ ᠢ ᠤᠯᠠᠮ ᠴᠢᠨᠠᠭᠰᠢᠳᠠ ᠰᠠᠭᠠᠳ ᠦᠭᠡᠢ ᠨᠡᠪᠲᠡᠷᠡᠭᠦᠯᠵᠦ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠦᠵᠡᠯ ᠰᠠᠨᠠᠭᠠᠨ ᠤ ᠵᠢᠯᠤᠭᠤᠳᠤᠯᠭ᠎ᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠵᠢᠭᠤᠷᠠᠯᠳᠤᠭᠠᠨ ᠢ ᠴᠠᠭ ᠲᠤᠬᠠᠢ ᠳᠤᠨᠢ ᠠᠷᠢᠯᠭᠠᠵᠤ᠂ ᠪᠠᠭ᠎ᠠ ᠶᠠᠪᠤᠳᠠᠯ ᠢ ᠲᠣᠰᠬᠤᠨ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠪᠠᠯᠭᠠᠰᠤᠨ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃        ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ ᠣᠷᠣᠯᠴᠠᠵᠠᠶ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号