| ᠡᠮᠴᠢᠯᠡᠭᠡᠨ ᠤ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠬᠡᠬᠦ ᠶᠢ ᠠᠬᠢᠭᠤᠯᠵᠤ᠂ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠨᠡᠶᠢᠲᠡ ᠶᠢᠨ ᠠᠰᠠᠷᠠᠮᠵᠢ ᠶᠢᠨ ᠴᠢᠨᠠᠷ ᠢ ᠪᠠᠷᠢᠮᠲᠠᠯᠠᠵᠤ᠂ ᠬᠥᠳᠡᠭᠡ | ᠲᠣᠰᠬᠤᠨ ᠤ ᠰᠠᠭᠤᠭᠠᠯᠢ ᠠᠷᠠᠳ ᠤᠨ ᠴᠠᠭ ᠲᠤᠬᠠᠶ ᠳᠤᠨᠢ ᠪᠦᠲᠦᠮᠵᠢᠲᠡᠶ ᠡᠮᠴᠢᠯᠡᠭᠡᠨ ᠤ ᠦᠢᠯᠡᠴᠢᠯᠡᠭᠡ ᠬᠦᠷᠲᠡᠬᠦ ᠶᠢ | ᠪᠠᠳᠤᠯᠠᠬᠤ ᠪᠠᠷ᠂ 4 ᠰᠠᠷ᠎ᠠ ᠶᠢᠨ 22 ᠤᠨ ᠡᠳᠦᠷ ᠬᠢᠩᠭᠠᠨ ᠠᠶᠢᠮᠠᠭ ᠤᠨ ᠣᠶᠤᠨ ᠮᠡᠳᠡᠷᠡᠯ ᠤᠨ ᠡᠷᠡᠭᠦᠯ | ᠬᠠᠮᠠᠭᠠᠯᠠᠯ ᠤᠨ ᠲᠥᠪ ᠤᠨ ᠬᠢᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ ᠤ ᠨᠡᠳᠦᠭᠡᠷ ᠪᠠᠯᠭᠠᠰᠤᠨ ᠤ | ᠪᠠᠶᠠᠨ ᠲᠣᠰᠬᠤᠨ ᠳᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ᠂ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠦᠪ ᠤᠨ ᠳᠤᠰᠬᠠᠢ | ᠮᠡᠷᠭᠡᠵᠢᠯᠳᠡᠨ ᠠᠴᠠ ᠪᠠᠶᠠᠨ ᠳᠤᠰᠬᠤᠨ ᠤ ᠪᠠᠶᠢᠳᠠᠯ ᠢ ᠤᠶᠢᠯᠠᠭᠠᠬᠰᠠᠨ ᠰᠠᠭᠤᠷᠢᠨ ᠳᠡᠭᠡᠷ᠎ᠠ ᠬᠠᠷᠠᠭᠠᠯᠵᠠᠬᠰᠠᠨ ᠡᠮ | ᠡᠮᠴᠢᠯᠡᠭᠡᠨ ᠤ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠠᠯᠪᠠᠨ ᠵᠢᠷᠤᠮ ᠤᠨ ᠡᠮᠴᠢᠯᠡᠭᠡ ᠶᠢᠨ | ᠲᠤᠬᠠᠶ ᠶᠢᠨ ᠳᠠᠯᠠᠪᠤᠷ ᠲᠤ᠂ ᠡᠮᠴᠢ ᠰᠤᠪᠢᠯᠠᠭᠴᠢᠳ ᠠᠰᠠᠭᠤᠨ ᠯᠠᠪᠯᠠᠬᠤ ᠪᠠ ᠡᠪᠡᠳᠴᠢᠨ ᠦᠵᠡᠭᠦᠯᠬᠦ ᠪᠠᠷ ᠢᠷᠡᠭᠰᠡᠨ | ᠲᠣᠰᠬᠤᠨ ᠤ ᠤᠯᠠᠨ ᠲᠦᠮᠡᠨ ᠳᠤ ᠨᠠᠷᠢᠨ ᠨᠢᠮᠪᠠᠶ ᠪᠠᠶᠢᠴᠠᠭᠠᠯᠲᠠ ᠬᠢᠵᠦ ᠥᠭᠪᠡ᠃ ᠳᠡᠳᠡ ᠤᠯᠠᠨ ᠲᠦᠮᠡᠨ ᠤ | ᠡᠪᠡᠳᠴᠢᠨ ᠤ ᠲᠡᠦᠬᠡ ᠶᠢ ᠯᠠᠪᠯᠠᠨ ᠠᠰᠠᠭᠤᠬᠤ᠂ ᠡᠪᠡᠳᠴᠢᠨ ᠤ ᠲᠡᠦᠬᠡ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ | ᠨᠠᠷᠢᠨ ᠬᠢᠨᠠᠮᠠᠭᠠᠢ ᠣᠨᠣᠰᠢᠯᠠᠵᠤ ᠰᠣᠨᠣᠰᠬᠤ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ | ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠣᠳᠠᠲᠠᠢ ᠪᠠᠶᠢᠳᠠᠯ ᠢ ᠨᠢ ᠦᠨᠳᠦᠰᠦᠯᠡᠨ ᠡᠮᠴᠢᠯᠡᠭᠡ ᠶᠢᠨ ᠵᠣᠷ ᠦᠭᠴᠦ᠂ | ᠦᠨ᠎ᠠ ᠲᠦᠯᠦᠪᠦᠷᠢ ᠦᠭᠡᠢ ᠪᠠᠷ ᠡᠮ ᠳᠠᠩ ᠬᠦᠷᠭᠡᠪᠡ᠃ | ᠲᠣᠰ ᠤᠳᠠᠭᠠᠨ ᠤ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠨᠢ ᠡᠮᠨᠡᠯᠭᠡ ᠶᠢᠨ ᠬᠤᠷᠢᠶᠠᠨ ᠤ ︽ | ᠬᠠᠯᠠᠮᠵᠢᠯᠠᠨ ᠦᠢᠯᠡᠴᠢᠯᠡᠬᠦ ᠪᠠᠷ ᠭᠤᠤᠯ ᠪᠣᠯᠭᠠᠵᠤ᠂ ᠶᠣᠰᠣ ᠮᠣᠷᠠᠯ ᠢ ᠡᠷᠬᠢᠮᠯᠡᠨ᠂ ᠠᠵᠢᠯ ᠦᠢᠯᠡᠰ ᠢᠶᠠᠨ ᠳᠡᠭᠡᠳᠦᠯᠡᠬᠦ︾ | ᠡᠮᠨᠡᠯᠭᠡ ᠶᠢᠨ ᠬᠤᠷᠢᠶ᠎ᠠ ᠡᠷᠭᠢᠯᠡᠬᠦ ᠵᠣᠷᠢᠯᠲᠠ ᠶᠢ ᠳᠠᠮᠵᠢᠭᠤᠯᠵᠤ᠂ ᠠᠷᠠᠳ ᠣᠯᠠᠨ ᠤ ᠤᠶᠤᠨ ᠮᠡᠳᠡᠷᠡᠯ ᠪᠠ | ᠰᠡᠳᠭᠢᠴᠡ ᠶᠢᠨ ᠡᠷᠡᠭᠦᠯ ᠮᠡᠨᠳᠦ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠨ᠂ ᠡᠪᠡᠳᠴᠢᠲᠡᠨ ᠤ ᠠᠵᠤ ᠠᠬᠤᠶ ᠶᠢᠨ | ᠳᠠᠷᠤᠭᠠᠰᠤ ᠶᠢ ᠬᠥᠩᠭᠡᠯᠡᠵᠦ᠂ ᠰᠠᠭᠤᠭᠠᠯᠢ ᠠᠷᠠᠳ ᠲᠤ ᠲᠤᠰᠬᠠᠶ ᠮᠡᠷᠭᠡᠵᠢᠯ ᠤᠨ ᠡᠮᠴᠢᠯᠡᠭᠡᠨ ᠤ ᠦᠢᠯᠡᠴᠢᠯᠡᠭᠡ | ᠬᠦᠷᠲᠡᠭᠡᠭᠰᠡᠨ ᠪᠠᠶᠢᠨ᠎ᠠ᠃ ᠵᠢᠶ ᠫᠧᠩ ᠮᠡᠳᠡᠭᠡᠯᠡᠪᠡ | |