ᠬᠢᠩᠭᠠᠨ ᠠᠶᠢᠮᠠᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠳᠦ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2025/4/30
        4 ᠰᠠᠷ᠎ᠠ ᠶᠢᠨ 25 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠠᠮᠳᠦ ᠶᠢᠨ ᠰᠤᠷᠤᠯᠴᠠᠯᠭ᠎ᠠ ᠬᠢᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠭᠡ ᠬᠤᠷᠠᠯ ᠢ ᠡᠷᠬᠢᠯᠡᠨ ᠶᠠᠷᠢᠶ᠎ᠠ ᠲᠠᠯᠪᠢᠵᠦ᠂ ᠠᠶᠢᠮᠠᠭ ᠤᠨ ᠤᠳᠤᠷᠢᠳᠤᠯᠭ᠎ᠠ ᠰᠢᠦᠢ ᠵᠦᠸᠧ᠂ ᠶᠠᠩ ᠵᠶᠢ ᠫᠧᠩ ᠨᠠᠷ ᠣᠷᠣᠯᠴᠠᠵᠤ᠂ ᠬᠤᠸᠠᠩ ᠲᠤᠤ᠂ ᠶᠠᠨ ᠮᠢᠨ᠂ ᠰᠦᠨ ᠱᠦ ᠲᠤᠤ ᠲᠤᠬᠠᠢ ᠶᠢᠨ ᠲᠠᠯᠠᠪᠠᠢ ᠳᠤ ᠶᠠᠷᠢᠶ᠎ᠠ ᠲᠠᠯᠪᠢᠪᠠ᠃        ᠰᠦᠬᠡ ᠬᠡᠯᠡᠭᠰᠡᠨ ᠨᠢ᠂ ᠨᠠᠮ ᠤᠨ ᠰᠤᠷᠲᠠᠯ ᠪᠣᠯ ᠳᠠᠷᠤᠶ ᠨᠠᠮ ᠤᠨ ᠲᠦᠷᠢ ᠲᠥᠷᠬᠦ ᠮᠥᠨ᠂ ᠲᠡᠷᠡ ᠨᠢ ᠬᠥᠮᠦᠨ ᠤ ᠰᠡᠳᠭᠢᠯ ᠤᠨ ᠬᠠᠨᠳᠤᠰᠢ ᠲᠠᠢ ᠬᠤᠯᠪᠣᠭᠳᠠᠵᠤ᠂ ᠨᠠᠮ ᠤᠨ ᠮᠠᠨᠳᠤᠵᠤ ᠮᠦᠬᠦᠬᠦ ᠲᠠᠢ ᠬᠤᠯᠪᠤᠭᠳᠠᠵᠦ ᠪᠠᠶᠢᠳᠠᠭ᠃ ᠪᠦᠬᠦ ᠠᠶᠢᠮᠠᠭ ᠤᠨ ᠲᠡᠭᠡᠳᠦ ᠲᠤᠤᠷᠠᠳᠦ ᠱᠠᠳᠤ ᠵᠤᠭᠰᠤᠴᠠ ᠪᠠᠨ ᠤᠯᠠᠮ ᠨᠢᠭᠡ ᠠᠯᠬᠤᠮ ᠦᠨᠳᠦᠷᠵᠢᠬᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠦᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠣᠨᠣᠴᠠᠲᠠᠶ ᠡᠵᠡᠮᠰᠢᠵᠦ᠂ ᠰᠤᠷᠤᠯᠴᠠᠬᠤ ᠳᠤᠮᠳᠠ ᠪᠠᠨ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠪᠠᠶᠢᠴᠠᠭᠠᠬᠤ ᠳᠤᠮᠳᠠ ᠪᠠᠨ ᠵᠥᠷᠢᠶ᠎ᠡ ᠪᠠᠨ ᠡᠷᠢᠵᠦ᠂ ᠥᠭᠡᠷᠡᠴᠢᠯᠡᠬᠦ ᠳᠤᠮᠳᠠ ᠪᠠᠨ ᠪᠣᠳᠠᠲᠤ ᠦᠷ᠎ᠡ ᠪᠦᠲᠦᠮᠵᠢ ᠣᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ᠃ ᠳᠡᠭᠡᠳᠦ ᠱᠠᠳᠤ ᠨᠢ ᠳᠤᠤᠷᠠᠳᠦ ᠱᠠᠳᠤ ᠪᠠᠨ ᠳᠠᠭᠠᠭᠤᠯᠬᠤ ᠶᠢ ᠳᠤᠪᠤᠶᠢᠯᠭᠠᠵᠤ᠂ ᠵᠢᠱᠢᠶ᠎ᠡ ᠦᠵᠡᠬᠦᠯᠦᠨ ᠬᠦᠳᠦᠯᠦᠨ ᠲᠠᠭᠠᠭᠤᠯᠵᠦ᠂ ᠲᠦᠷᠦᠭᠦᠯᠡᠨ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠪᠦᠷᠢᠯᠭᠡᠨ ᠰᠦᠢᠳᠭᠡᠬᠦ ᠰᠤᠷᠲᠠᠯ ᠢ ᠴᠢᠩᠭ᠎ᠠ ᠬᠤᠷᠢᠭᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠰᠢᠨᠲᠠᠷᠠᠰᠢ ᠦᠭᠡᠢ ᠲᠤᠭᠤᠰᠢᠯᠠᠭᠤᠯᠬᠤ ᠬᠡᠷᠡᠭᠲᠡᠢ᠃ ᠦᠷᠭᠦᠯᠵᠢᠯᠡᠨ ᠬᠦᠴᠦᠯᠡᠵᠦ᠂ ᠥᠨᠢ ᠤᠳᠠᠭᠠᠨ ᠴᠢᠷᠮᠠᠶᠢᠨ ᠠᠵᠢᠯᠯᠠᠵᠤ᠂ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ︽ᠳᠥᠷᠪᠡᠨ ᠰᠤᠷᠲᠠᠯ︾ ᠤᠨ ᠠᠷᠬᠠᠭ ᠭᠡᠮ ᠢ ᠴᠥᠬᠦᠷᠡᠰᠢ ᠥᠬᠡᠶ ᠵᠠᠯᠠᠷᠠᠭᠤᠯᠤᠨ ᠵᠠᠰᠠᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠶᠢ ᠬᠠᠷᠢᠯᠴᠠᠨ ᠨᠡᠪᠲᠡᠷᠡᠯᠴᠡᠭᠦᠯᠬᠦ ᠶᠢ ᠠᠬᠢᠭᠤᠯᠵᠤ᠂ ᠰᠤᠷᠲᠠᠯ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠪᠥᠬᠦ ᠠᠶᠢᠮᠠᠭ ᠤᠨ ᠡᠯ᠎ᠡ ᠲᠥᠷᠥᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠢ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号