| ᠤᠢᠢᠷ᠎ᠠ ᠶᠢᠨ ᠡᠳᠦᠷ ᠲᠤ᠂ ᠬᠢᠩᠭᠠᠨ ᠠᠶᠢᠮᠠᠭ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ | ᠰᠡᠷᠭᠡᠶᠢᠯᠡᠬᠦ ᠬᠦᠪᠴᠢ ᠪᠠᠨ ᠴᠢᠩᠭᠠᠷᠠᠭᠤᠯᠵᠦ᠂ ᠤᠢ ᠰᠢᠭᠤᠢ ᠨᠤᠳᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ︽ | ᠠᠮᠤᠷ ᠲᠦᠪᠰᠢᠨ ᠤ ᠲᠣᠣᠷ︾ ᠢ ᠪᠠᠲᠤ ᠰᠦᠯᠵᠢᠵᠦ᠂ ᠭᠠᠯ ᠤᠨ ᠠᠶᠤᠯ ᠦᠯᠦ ᠭᠠᠷᠬᠤ ᠬᠠᠷᠠᠯᠲᠠ ᠶᠢ ᠴᠢᠷᠮᠠᠶᠢᠨ | ᠪᠠᠲᠤᠯᠠᠵᠤ᠂ ᠤᠢ ᠰᠢᠭᠤᠢ ᠨᠤᠳᠤᠭ ᠪᠡᠯᠴᠢᠭᠡᠷ ᠤᠨ ᠠᠮᠤᠷ ᠲᠦᠪᠰᠢᠨ ᠪᠣᠯᠤᠨ ᠠᠷᠠᠳ ᠤᠯᠠᠨ ᠤ ᠠᠮᠢ ᠨᠠᠰᠤ ᠡᠳ᠋ | ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃ | ᠡᠨᠡ ᠵᠢᠯ ᠤᠨ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭᠠᠨ ᠳᠤ᠂ ᠬᠢᠩᠭᠠᠨ | ᠠᠶᠢᠮᠠᠭ ︽ᠬᠥᠮᠦᠨ ᠢ ᠬᠠᠮᠢᠶᠠᠷᠬᠤ︾ ᠪᠠᠷ ᠭᠤᠣᠯ ᠡᠭᠦᠷᠭᠡ ᠪᠠᠨ ᠪᠣᠯᠭᠠᠵᠤ᠂ ᠪᠦᠬᠦ ᠣᠷᠣᠨ ᠪᠦᠰᠡ ᠶᠢᠨ 1089 | ᠲᠣᠭᠲᠠᠮᠠᠯ ᠪᠠ ᠲᠦᠷ ᠴᠠᠭ ᠤᠨ ᠬᠤᠷᠢᠭ᠎ᠠ ᠶᠢᠨ ᠭᠠᠵᠠᠷ ᠲᠤ ︽ᠬᠥᠮᠦᠨ ᠳᠠᠭᠠᠷᠠᠪᠠᠯ ᠵᠠᠪᠠᠯ ᠪᠠᠶᠢᠴᠠᠭᠠᠬᠤ᠂ ᠲᠡᠷᠭᠡ | ᠳᠠᠭᠠᠷᠠᠪᠠᠯ ᠵᠠᠪᠠᠯ ᠪᠠᠶᠢᠴᠠᠭᠠᠬᠤ᠂ ᠭᠠᠯ ᠬᠡᠷᠡᠭᠯᠡᠬᠦ ᠲᠤᠨᠤᠭ ᠲᠦᠬᠦᠭᠡᠷᠦᠮᠵᠢ ᠲᠠᠭᠠᠷᠠᠪᠠᠯ ᠵᠠᠪᠠᠯ ᠬᠤᠷᠢᠶᠠᠨ ᠠᠪᠬᠤ︾ | ᠲᠤᠭᠳᠠᠴᠠ ᠶᠢ ᠬᠡᠷᠡᠭᠵᠢᠬᠦᠯᠵᠦ᠂ 9895 ᠺᠠᠳ᠋ᠷ ᠪᠣᠯᠤᠨ ᠤᠢ ᠰᠢᠭᠤᠢ ᠶᠢᠨ ᠬᠠᠮᠠᠭᠠᠯᠠᠭᠴᠢ 24 ᠴᠠᠭ ᠡᠭᠡᠯᠵᠢᠯᠡᠨ | ᠰᠠᠬᠢᠨ ᠰᠠᠭᠤᠪᠠ᠃ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ᠂ ᠬᠠᠩᠰᠢ ᠶᠢᠨ ᠲᠠᠬᠢᠯᠭ᠎ᠠ ᠵᠡᠷᠭᠡ ᠭᠠᠯ ᠤᠨ ᠠᠶᠤᠯ | ᠤᠯᠠᠨ ᠡᠭᠦᠰᠳᠡᠭ ᠴᠠᠭ ᠦᠶ᠎ᠡ ᠳᠤ ᠴᠢᠭᠯᠡᠭᠦᠯᠦᠨ᠂ ᠬᠢᠩᠭᠠᠨ ᠠᠶᠢᠮᠠᠭ ᠤᠨ ᠤᠢ ᠰᠢᠭᠤᠢ ᠨᠤᠲᠤᠭ ᠪᠡᠯᠴᠢᠭᠡᠷ ᠤᠨ | ᠭᠠᠯ ᠰᠡᠷᠭᠡᠶᠢᠯᠡᠵᠦ ᠭᠠᠯ ᠤᠨᠲᠠᠷᠠᠭᠠᠬᠤ ᠵᠢᠯᠣᠭᠤᠳᠬᠤ ᠭᠠᠵᠠᠷ ᠠᠴᠠ ᠱᠠᠯᠠᠪᠳᠠᠭᠤᠯᠤᠨ ᠪᠠᠶᠢᠴᠠᠭᠠᠬᠤ ᠲᠤᠭᠤᠶᠢᠯᠠᠩ | ᠲᠤᠮᠢᠯᠠᠨ ᠡᠮᠦᠨ᠎ᠡ ᠹᠷᠣᠨᠲ ᠲᠤ ᠬᠦᠨᠵᠡᠭᠡᠶᠢᠷᠡᠬᠦᠯᠦᠨ᠂ 13 ᠲᠦᠷᠦᠯ ᠤᠨ ᠭᠡᠮ ᠰᠣᠭᠤᠭ ᠢ ᠲᠡᠷᠡ ᠳᠠᠷᠤᠢ ᠳᠤᠨᠢ | ᠦᠭᠡᠷᠡᠴᠢᠯᠡᠨ ᠰᠠᠶᠢᠵᠢᠷᠠᠭᠤᠯᠵᠦ᠂ ︽ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠵᠤ᠂ ᠲᠤᠭᠤᠷᠢᠨ | ᠪᠠᠶᠢᠴᠠᠭᠠᠯᠳᠡ ᠴᠡᠭ ᠲᠤ ᠬᠦᠷᠬᠦ︾ ᠲᠤᠤᠷᠴᠢᠯᠠᠭᠰᠠᠨ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠯᠳᠦᠬᠦᠯᠪᠡ᠃ | ᠣᠳᠣᠬᠠᠨ ᠳᠤ᠂ ᠪᠥᠬᠦ ᠠᠶᠢᠮᠠᠭ ᠤᠨ 942 ᠬᠥᠮᠦᠨ ᠪᠠᠶᠢᠬᠤ 30 ᠲᠤᠰᠬᠠᠶ ᠮᠡᠷᠭᠡᠵᠢᠯ ᠤᠨ ᠭᠠᠯ | ᠤᠨᠲᠠᠷᠠᠭᠠᠬᠤ ᠠᠩᠭᠢ ᠪᠠ 751 ᠬᠥᠮᠦᠨ ᠪᠠᠶᠢᠬᠤ 26 ᠬᠠᠭᠠᠰ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ | ᠠᠩᠭᠢ ᠴᠥᠮ ᠪᠠᠶᠢᠯᠳᠤᠭᠠᠨ ᠤ ᠪᠠᠶᠢᠳᠠᠯ ᠳᠤ ᠣᠷᠣᠵᠤ᠂ 2000 ᠭᠠᠷᠤᠶ ᠭᠠᠯ ᠤᠨᠲᠠᠷᠠᠭᠠᠬᠤ ᠠᠩᠭᠢ ᠶᠢᠨ | ᠭᠡᠰᠢᠭᠦᠨ ᠴᠠᠭ ᠢᠮᠠᠭᠲᠠ ᠵᠠᠷᠯᠢᠭ ᠬᠦᠯᠢᠶᠡᠵᠦ ᠪᠠᠶᠢᠨ᠎ᠠ᠃ ᠡᠭᠦᠨ ᠤ ᠵᠡᠷᠭᠡᠪᠡᠷ ᠪᠥᠬᠦ ᠠᠶᠢᠮᠠᠭ ᠤᠨ ᠣᠶ ᠰᠢᠭᠤᠶ | ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠢᠰᠲ᠋ᠧᠮ ᠵᠢᠵᠢᠭᠦᠷᠯᠡᠬᠦ ᠬᠦᠴᠦᠨ ᠢ | ᠲᠡᠭᠦᠯᠳᠡᠷᠵᠢᠭᠦᠯᠦᠨ᠂ ᠤᠳᠤᠷᠢᠳᠤᠯᠭ᠎ᠠ ᠠᠴᠠ ᠵᠢᠵᠢᠭᠦᠷᠯᠡᠬᠦ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠭᠠᠯ ᠤᠨ ᠪᠠᠶᠢᠳᠠᠯ ᠢ ᠬᠤᠤᠰ ᠮᠡᠳᠡᠭᠦᠯᠬᠦ ᠲᠦᠷᠢᠮ ᠢ ᠬᠡᠷᠡᠭᠵᠢᠭᠦᠯᠵᠦ᠂ ᠮᠡᠳᠡᠭᠡ ᠵᠠᠩᠭᠢ ᠶᠢᠨ | ᠰᠠᠭᠠᠳ ᠥᠬᠡᠶ ᠨᠡᠪᠲᠡᠷᠡᠬᠦ ᠶᠢ ᠪᠠᠲᠤᠯᠠᠪᠠ᠃ | ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠬᠤᠭᠤᠴᠠᠭ᠎ᠠ ᠤᠷᠤᠭᠰᠠᠨ ᠠᠴᠠ ᠨᠠᠭᠠᠰᠢ᠂ ᠪᠦᠬᠦ | ᠠᠶᠢᠮᠠᠭ ᠤᠨ ᠡᠯ᠎ᠡ ᠭᠠᠵᠠᠷ ᠤᠨ ᠬᠢᠨ ᠭᠠᠯ ᠰᠡᠷᠭᠡᠶᠢᠯᠡᠬᠦ ᠣᠬᠤᠷ ᠮᠡᠳᠡᠭᠡ ᠶᠢ ᠨᠡᠶᠢᠲᠡ 50 ᠲᠦᠮᠡᠨ ᠬᠤᠪᠢ | ᠲᠠᠷᠬᠠᠭᠠᠵᠥ᠂ ᠭᠠᠯ ᠰᠡᠷᠭᠡᠶᠢᠯᠡᠬᠦ ᠬᠥᠨᠳᠡᠯᠡᠨ ᠪᠢᠴᠢᠭᠡᠰᠦ ᠡᠯᠭᠦᠨ᠂ ᠤᠬᠠᠭᠤᠯᠭ᠎ᠠ ᠶᠢᠨ ᠤᠷᠢᠶ᠎ᠠ ᠨᠠᠭᠠᠵᠤ᠂ | ᠤᠬᠠᠭᠤᠯᠭ᠎ᠠ ᠶᠢᠨ ᠮᠠᠲ᠋ᠧᠷᠢᠶᠠᠯ ᠢ 1 ᠲᠦᠮᠡ ᠭᠠᠷᠤᠶ ᠬᠤᠪᠢ ᠲᠠᠷᠬᠠᠭᠠᠵᠤ᠂ ᠲᠣᠮᠣ ᠬᠡᠯᠪᠡᠷᠢ ᠶᠢᠨ ᠤᠬᠠᠭᠤᠯᠭ᠎ᠠ ᠶᠢᠨ | ᠠᠵᠢᠯᠯᠠᠭ᠎ᠠ ᠶᠢ 60 ᠭᠠᠷᠤᠶ ᠤᠳᠠᠭ᠎ᠠ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠳᠤ ᠬᠠᠮᠲᠤ ᠪᠠᠷ ᠣᠷᠣᠯᠴᠠᠬᠤ ᠰᠠᠶᠢᠨ ᠰᠠᠶᠢᠬᠠᠨ | ᠤᠷᠴᠢᠨ ᠲᠤᠭᠤᠷᠢᠨ ᠢ ᠪᠣᠶ ᠪᠣᠯᠭᠠᠪᠠ᠃ ︵ᠰᠤᠨᠢᠨ︶ | | | | |