| 4 ᠰᠠᠷ᠎ᠠ ᠶᠢᠨ 29 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ᠂ ᠠᠶᠢᠮᠠᠭ ᠤᠨ | ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯ ᠤᠨ ᠵᠥᠪᠯᠡᠯ ᠤᠨ ᠱᠦᠵᠢ ᠼᠤᠤ ᡁᠢ | ᠶᠦᠩ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ᠂ ᠬᠤᠲᠠ ᠶᠢᠨ ᠤᠳᠤᠷᠢᠳᠤᠯᠭ᠎ᠠ ᠸᠠᠩ | ᠶᠢᠩ ᠴᠢᠶᠦ᠋ᠨ᠂ ᠳ᠋ᠠᠶ ᠯᠢ ᠮᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠤ | ᠪᠠᠶᠢᠴᠠᠭᠠᠨ ᠰᠤᠳᠤᠯᠵᠠᠢ᠃ | | | | | | | | | ᠼᠤᠤ ᡁᠢ ᠶᠦᠩ ᠨᠠᠷ ᠤᠷᠢᠳ ᠬᠤᠵᠢᠳ ᠬᠤᠲᠠ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠪᠤᠷᠠᠨ | ᠲᠤᠰᠠᠯᠠᠬᠤ ᠲᠣᠪᠴᠢᠶ᠎ᠠ᠂ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠬᠢᠩᠭᠠᠨ ᠠᠶᠢᠮᠠᠭ ᠤᠨ | ᠤᠯᠠᠭᠠᠨ ᠲᠠᠢ ᠠᠨ ᠡᠨᠧᠷᠭᠢ ᠬᠢᠮᠢ ᠶᠢᠨ ᠠᠵᠤ ᠦᠢᠯᠡᠳᠪᠦᠷᠢ ᠶᠢᠨ ᠪᠦᠷᠢᠨ ᠪᠣᠰᠤ ᠬᠠᠷᠢᠭᠤᠴᠠᠯᠭᠠᠲᠤ ᠺᠣᠮᠫᠠᠨᠢ ᠪᠠᠷ | ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠠᠨᠠᠯ ᠢᠶᠠᠨ ᠰᠣᠯᠢᠯᠴᠠᠬᠤ᠂ | ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠭᠠᠯ ᠤᠨᠲᠠᠷᠠᠭᠠᠬᠤ | ᠲᠦᠬᠦᠭᠡᠷᠦᠮᠵᠢ ᠶᠢᠨ ᠲᠣᠬᠢᠷᠠᠭᠤᠯᠤᠯᠲᠠ᠂ ᠠᠵᠢᠯᠯᠠᠵᠤ ᠪᠠᠶᠢᠭ᠎ᠠ ᠬᠥᠮᠦᠰ ᠤᠨ ᠬᠠᠮᠢᠶᠠᠷᠤᠯᠲᠠ᠂ ᠪᠠᠴᠢᠮ ᠪᠠᠶᠢᠳᠠᠯ ᠢ | ᠠᠷᠭᠠᠴᠠᠭᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠶᠤᠯᠭᠦᠢ | ᠦᠢᠯᠡᠳᠪᠦᠷᠢᠯᠡᠯ ᠤᠨ ᠠᠵᠢᠯ ᠤᠨ ᠳᠤᠮᠳᠠᠬᠢ ᠪᠠᠭᠤᠷᠠᠶ ᠭᠤᠭᠴᠤᠭ᠎ᠠ ᠶᠢ ᠪᠥᠬᠦ ᠲᠠᠯ᠎ᠠ ᠪᠠᠷ ᠡᠮᠬᠢᠯᠡᠨ ᠳᠢᠭᠯᠡᠬᠦ ᠶᠢᠨ | ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠪᠠ᠃ | | | | | | | | | ᠼᠤᠤ ᡁᠢ ᠶᠦᠩ ᠠᠴᠠ᠂ ᠠᠶᠤᠯᠭᠦᠢ ᠦᠢᠯᠡᠳᠪᠦᠷᠢᠯᠡᠯ ᠪᠣᠯ ᠠᠷᠠᠳ ᠤᠨ ᠠᠮᠢᠳᠤᠷᠠᠯ ᠤᠨ ᠶᠡᠭᠡ ᠶᠠᠪᠤᠳᠠᠯ | ᠮᠥᠨ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠶᠢᠨ ᠬᠢᠨ | ᠠᠶᠤᠯᠭᠦᠢ ᠦᠢᠯᠡᠳᠪᠦᠷᠢᠯᠡᠯ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ | ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠠᠶᠤᠯᠲᠠᠢ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠮᠤᠷ | ᠲᠦᠪᠰᠢᠨ ᠤ ᠬᠡᠮ ᠰᠣᠭᠤᠭ ᠢ ᠪᠦᠬᠦ ᠲᠠᠯ᠎ᠠ ᠪᠠᠷ ᠨᠠᠷᠢᠨ ᠨᠢᠮᠪᠠᠢ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠤᠨ | ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ᠃ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ | ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠲᠣᠨᠤᠭ ᠲᠥᠬᠦᠭᠡᠷᠦᠮᠵᠢ | ᠶᠢᠨ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠶᠢ ᠠᠬᠢᠭᠤᠯᠵᠤ᠂ ᠠᠵᠢᠯᠯᠠᠵᠤ ᠪᠠᠶᠢᠭ᠎ᠠ ᠬᠥᠮᠦᠰ ᠤᠨ | ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ | ᠡ᠊ᠡᠳᠡᠯ ᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ | ᠪᠦᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠰᠠᠶᠢᠨ ᠰᠠᠶᠢᠬᠠᠨ ᠠᠶᠤᠯᠭᠦᠢ | ᠦᠢᠯᠡᠳᠪᠦᠷᠢᠯᠡᠯ ᠤᠨ ᠠᠭᠤᠷ ᠠᠮᠢᠰᠬᠤᠯ ᠢ ᠪᠤᠢ ᠪᠣᠯᠭᠠᠵᠤ᠂ ᠨᠡᠩ ᠯᠠᠪᠳᠠᠭᠤᠨ ᠪᠠᠲᠤᠲᠠᠢ ᠠᠵᠢᠯ᠂ ᠨᠡᠩ ᠬᠦᠴᠦᠲᠡᠢ | ᠠᠷᠭ᠎ᠠ ᠬᠡᠮᠵᠢᠶ᠎ᠡ᠂ ᠨᠡᠩ ᠴᠢᠩᠭ᠎ᠠ ᠱᠠᠭᠠᠷᠳᠠᠯᠭ᠎ᠠ ᠪᠠᠷ ︽5·.1︾ ᠤ ᠬᠤᠭᠤᠴᠠᠭᠠᠨ ᠳᠠᠬᠢ ᠠᠶᠤᠯᠭᠦᠢ | ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠬᠤᠳᠠ ᠶᠢᠨ ᠠᠷᠠᠳ | ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠵᠠᠢ᠃ |