| 2025 ᠤᠨ ᠤ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠡᠳ᠋ ᠪᠠᠷᠠᠭ᠎ᠠ ᠶᠢᠨ ᠬᠠᠩᠭᠠᠯᠭ᠎ᠠ ᠶᠢ ᠪᠦᠬᠦ | ᠬᠦᠴᠤᠨ ᠢᠶᠠᠷ ᠪᠠᠳᠤᠯᠠᠨ᠂ ᠮᠦᠩᠬᠦᠨ ᠬᠦᠢᠯᠭᠡᠭᠡᠨ ᠤ ᠦᠢᠯᠡᠴᠢᠯᠡᠭᠡ ᠶᠢᠨ ᠵᠠᠮ ᠢ ᠰᠢᠯᠤᠭᠤᠳᠬᠠᠬᠤ ᠪᠠᠷ᠂ | ᠤᠶᠢᠷ᠎ᠠ ᠶᠢᠨ ᠵᠢᠯ ᠠᠴᠠ ᠨᠠᠭᠠᠰᠢ᠂ ᠤᠯᠠᠭᠠᠨᠬᠤᠳᠠ ᠶᠢᠨ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ | ᠲᠤᠭᠤᠷᠢᠭ ᠤᠯᠠᠭᠠᠨᠬᠤᠳᠠ ᠶᠢᠨ ᠬᠦᠳᠡᠭᠡ ᠲᠤᠰᠬᠤᠨ ᠤ ᠢᠳᠡᠭᠡᠮᠵᠢᠳᠤ ᠬᠤᠯᠪᠤᠭᠠᠳᠤ ᠬᠤᠷᠰᠢᠶ᠎ᠠ ᠲᠠᠢ ᠢᠳᠡᠪᠬᠢᠳᠠᠢ | ᠬᠠᠮᠳᠤᠷᠠᠨ ︽ᠪᠦᠬᠦ ᠲᠤᠰᠬᠤᠨ ᠳᠤ ᠢᠳᠡᠭᠡᠮᠵᠢ ᠤᠯᠭᠤᠬᠤ︾ ᠠᠷᠭ᠎ᠠ ᠠᠪᠴᠠᠯ ᠢᠶᠠᠷ ᠲᠠᠷᠢᠶᠠᠴᠢᠨ ᠡᠷᠤᠬᠡ ᠪᠠ | ᠬᠤᠷᠰᠢᠶ᠎ᠠ ᠳᠤ ᠨᠡᠩ ᠦᠨᠳᠤᠷ ᠦᠷ᠎ᠠ ᠠᠰᠢᠭ ᠲᠠᠢ᠂ ᠲᠦᠬᠦᠮ ᠲᠦᠳᠠ ᠮᠦᠩᠬᠦᠨ ᠬᠦᠢᠯᠭᠡᠭᠡᠨ ᠤ ᠦᠢᠯᠡᠴᠢᠯᠡᠭᠡ | ᠬᠠᠩᠭᠠᠵᠤ᠂ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠬᠠᠪᠤᠷ ᠤᠨ ᠲᠠᠷᠢᠶᠠᠯᠠᠩ | ᠦᠢᠯᠡᠳᠪᠤᠷᠢᠯᠡᠯ ᠳᠤ ᠬᠦᠴᠤᠷᠬᠡᠭ ᠶᠡᠭᠡ ᠬᠦᠳᠡᠯᠭᠡᠭᠴᠢ ᠬᠦᠴᠤᠨ ᠬᠠᠩᠭᠠᠪᠠ᠃ | ᠤᠶᠢᠷ᠎ᠠ ᠶᠢᠨ ᠡᠳᠤᠷ᠂ ᠤᠯᠠᠭᠠᠨᠬᠤᠳᠠ ᠶᠢᠨ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ | ᠬᠤᠷᠰᠢᠶ᠎ᠠ ᠰᠡᠷᠬᠡᠨ ᠤᠳᠤ ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠤᠨ ᠴᠤᠤ ᠶᠠᠩ ᠲᠤᠰᠬᠤᠨ ᠳᠤ ︽ | ᠪᠦᠬᠦ ᠲᠤᠰᠬᠤᠨ ᠳᠤ ᠢᠳᠡᠭᠡᠮᠵᠢ ᠤᠯᠭᠤᠬᠤ︾ ᠡᠬᠢᠯᠡᠯᠳᠠ ᠶᠢᠨ ᠶᠤᠰᠤᠯᠠᠯ ᠶᠠᠪᠤᠭᠳᠠᠭᠤᠯᠵᠤ᠂ ᠬᠦᠳᠡᠭᠡ ᠲᠤᠰᠬᠤᠨ ᠤ | ᠢᠳᠡᠭᠡᠮᠵᠢ ᠶᠢᠨ ᠬᠤᠯᠪᠤᠭᠠᠳᠤ ᠬᠤᠷᠰᠢᠶ᠎ᠠ ᠶᠢᠨ ᠠᠵᠢᠯᠳᠠᠨ ᠠᠴᠠ ᠴᠤᠤ ᠶᠠᠩ ᠲᠤᠰᠬᠤᠨ ᠳᠤ ︽ᠦᠨᠡᠨᠴᠢ | ᠢᠳᠡᠭᠡᠮᠵᠢᠳᠤ ᠲᠤᠰᠬᠤᠨ︾ ᠭᠡᠬᠦ ᠫᠠᠶᠢᠰᠠ ᠶᠢ ᠤᠯᠭᠤᠵᠤ᠂ ᠲᠤᠰ ᠲᠤᠰᠬᠤᠨ ᠤ ᠤᠬᠢ ᠰᠠᠶᠢᠨ ᠦᠨᠡᠨᠴᠢ | ᠢᠳᠡᠭᠡᠮᠵᠢᠳᠠᠢ ᠪᠠᠶᠢᠳᠠᠯ ᠢ ᠢᠯᠡᠷᠡᠬᠦᠯᠥᠭᠰᠡᠨ ᠢᠶᠠᠷ ᠪᠠᠷᠠᠬᠤ ᠦᠭᠡᠢ ᠲᠤᠰᠬᠤᠨ ᠤ ᠠᠷᠠᠳ ᠲᠤ ᠨᠡᠩ ᠤᠯᠠᠨ | ᠢᠳᠡᠭᠡᠮᠵᠢᠳᠤ ᠵᠢᠭᠡᠯᠡᠯᠭᠡ ᠶᠢᠨ ᠲᠤᠭ᠎ᠠ ᠬᠡᠮᠵᠢᠶᠡᠨ ᠤ ᠲᠡᠭᠡᠭᠰᠢᠯᠡᠯᠳᠠ ᠪᠠ ᠬᠦᠥ ᠮᠦᠩᠬᠦ ᠶᠢᠨ ᠨᠤᠷᠮ᠎ᠠ ᠶᠢᠨ | ᠲᠠᠯ᠎ᠠ ᠪᠠᠷ ᠬᠢ ᠬᠠᠷᠠᠭᠠᠯᠵᠠᠯ ᠡᠳ᠋ᠯᠡᠬᠦᠯᠵᠤ᠂ ᠲᠡᠳᠠᠨᠠᠷ ᠲᠤ ᠨᠡᠩ ᠲᠦᠬᠦᠮ ᠲᠦᠳᠠ ᠮᠦᠩᠬᠦᠨ ᠬᠦᠢᠯᠭᠡᠭᠡᠨ ᠤ | ᠦᠢᠯᠡᠴᠢᠯᠡᠭᠡ ᠬᠠᠩᠭᠠᠪᠠ᠃ | ︽ᠲᠤᠰ ᠤᠳᠠᠭᠠᠨ ᠤ ᠪᠦᠬᠦ ᠲᠤᠰᠬᠤᠨ ᠳᠤ ᠢᠳᠡᠭᠡᠮᠵᠢ ᠤᠯᠭᠤᠭᠰᠠᠨ ᠨᠢ᠂ ᠬᠠᠪᠤᠷ ᠤᠨ ᠲᠠᠷᠢᠶᠠᠯᠠᠩ | ᠦᠢᠯᠡᠳᠪᠤᠷᠢᠯᠡᠯ ᠳᠤ ᠬᠦᠴᠤᠳᠠᠢ ᠪᠠᠳᠤᠯᠠᠭ᠎ᠠ ᠬᠠᠩᠭᠠᠵᠤ᠂ ᠪᠢᠳᠠ ᠨᠡᠩ ᠤᠯᠠᠨ ᠠᠩᠬᠠᠷᠤᠯ ᠢᠶᠠᠨ ᠲᠠᠷᠢᠶᠠᠯᠠᠩ ᠤᠨ | ᠶᠠᠪᠤᠳᠠᠯ ᠤᠨ ᠪᠠᠶᠢᠷᠢᠯᠠᠭᠤᠯᠤᠯᠳᠠ ᠪᠠ ᠲᠠᠷᠢᠶᠠᠯᠠᠩ ᠤᠨ ᠡᠳ᠋ ᠪᠠᠷᠠᠭ᠎ᠠ ᠶᠢᠨ ᠪᠡᠯᠡᠳᠭᠡᠯ ᠳᠤ ᠬᠠᠨᠳᠤᠭᠤᠯᠵᠤ᠂ ᠡ᠊ᠨᠠ ᠵᠢᠯ | ᠲᠠᠷᠢᠶᠠᠴᠢᠨ ᠡᠷᠤᠬᠡ ᠡᠯᠪᠡᠭ ᠬᠤᠷᠢᠶᠠᠯᠳᠠ ᠤᠯᠬᠤ ᠪᠤᠯᠤᠨ᠎ᠠ︾ ᠭᠡᠵᠤ ᠴᠤᠤ ᠶᠠᠩ ᠲᠤᠰᠬᠤᠨ ᠳᠤ ᠰᠠᠭᠤᠭ᠎ᠠ | ᠨᠢᠭᠡᠳᠤᠭᠡᠷ ᠱᠦᠵᠢ ᠮᠠ ᠬᠤᠩ ᠭᠥᠸᠧ ᠶᠠᠷᠢᠨ᠎ᠠ᠃ | ᠲᠤᠰᠬᠤᠨ ᠤ ᠠᠷᠠᠳ ᠬᠤᠩ ᠰᠢᠶᠠᠩ ᠪᠤᠯ ᠲᠤᠰ ᠤᠳᠠᠭᠠᠨ ᠤ ᠠᠵᠢᠯᠯᠠᠭᠠᠨ ᠤ ᠰᠢᠭᠤᠳ ᠠᠰᠢᠭ | ᠬᠦᠷᠳᠡᠭᠴᠢ ᠶᠢᠨ ᠨᠢᠭᠡ ᠨᠢ ᠪᠤᠯᠤᠨ᠎ᠠ᠃ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ᠂ ᠲᠡᠷᠠ ᠲᠠᠷᠢᠶᠠᠯᠠᠩ ᠤᠨ | ᠮᠠᠰᠢᠨ ᠬᠤᠳᠠᠯᠳᠤᠨ ᠠᠪᠬᠤ ᠪᠠᠷ ᠲᠦᠯᠤᠪᠯᠡᠬᠦ ᠳᠤ ᠪᠡᠯᠡ ᠮᠦᠩᠬᠦ ᠲᠤᠳᠠᠭᠳᠠᠬᠤ ᠬᠦᠴᠢᠷᠳᠠᠯ ᠲᠤᠯᠭᠠᠷᠠᠪᠠ᠃ ᠲᠡᠷᠠ | ᠲᠤᠰᠬᠤᠨ ᠳᠠᠭᠠᠨ ᠵᠢᠭᠡᠯᠡᠯᠭᠡ ᠶᠢᠨ ᠭᠤᠶᠤᠴᠢᠯᠠᠯ ᠢᠶᠠᠨ ᠲᠤᠰᠢᠶᠠᠭᠰᠠᠨ ᠤ ᠲᠠᠷᠠᠭ᠎ᠠ᠂ ᠤᠷᠤᠨ ᠲᠤᠭᠤᠷᠢᠭ ᠤᠨ | ᠠᠵᠢᠯᠳᠠᠨ ᠠᠴᠠ ᠲᠠᠷᠤᠢ ᠲᠦᠷᠭᠡᠨ ᠤᠯᠠᠭᠠᠨᠬᠤᠳᠠ ᠶᠢᠨ ᠬᠦᠳᠡᠭᠡ ᠲᠤᠰᠬᠤᠨ ᠤ ᠢᠳᠡᠭᠡᠮᠵᠢ ᠶᠢᠨ ᠬᠤᠯᠪᠤᠭᠠᠳᠤ | ᠬᠤᠷᠰᠢᠶ᠎ᠠ ᠶᠢᠨ ᠠᠵᠢᠯᠳᠠᠨ ᠲᠠᠢ ᠬᠠᠮᠳᠤ ᠬᠤᠩ ᠰᠢᠶᠠᠩ ᠤᠨ ᠭᠡᠷ ᠲᠤᠨᠢ ᠬᠦᠷᠴᠤ ᠵᠢᠭᠡᠯᠡᠯᠭᠡ ᠶᠢᠨ ᠲᠤᠬᠠᠶᠢᠯᠠᠭᠰᠠᠨ | ᠠᠵᠢᠯ ᠢ ᠬᠦᠢᠴᠡᠳᠭᠡᠪᠡ᠃ ᠢᠳᠡᠭᠡᠮᠵᠢᠳᠤ ᠵᠢᠭᠡᠯᠡᠯᠭᠡ ᠶᠢ ᠬᠦᠯᠢᠶᠡᠨ ᠠᠪᠬᠤ ᠶᠠᠪᠤᠴᠠ ᠶᠢᠨ ᠶᠤᠰᠤᠭᠠᠷ᠂ ᠬᠤᠩ | ᠰᠢᠶᠠᠩ ᠤᠨ ᠭᠡᠷ ᠤᠨ ᠪᠠᠶᠢᠳᠠᠯ ᠠᠵᠤ ᠠᠬᠤᠢ ᠶᠢᠨ ᠤᠷᠤᠯᠭ᠎ᠠ ᠵᠡᠷᠭᠡ ᠰᠤᠷᠠᠭ ᠵᠠᠩᠬᠢ ᠶᠢ ᠪᠦᠬᠦ ᠲᠠᠯ᠎ᠠ ᠪᠠᠷ | ᠤᠶᠢᠯᠠᠭᠠᠭᠰᠠᠨ ᠤ ᠬᠠᠮᠳᠤ ᠰᠦᠯᠵᠢᠶᠡᠨ ᠲᠡᠭᠡᠷ᠎ᠠ ᠤᠨᠤᠴᠠᠳᠠᠢ ᠪᠠᠷ ᠬᠢᠨᠠᠨ ᠪᠤᠳᠤᠭᠰᠠᠨ ᠤ ᠲᠠᠷᠠᠭ᠎ᠠ᠂ ᠲᠡᠬᠦᠨ ᠳᠤ | ᠵᠢᠭᠡᠯᠡᠬᠦᠯᠬᠦ ᠢᠳᠡᠭᠡᠮᠵᠢ ᠶᠢᠨ ᠵᠢᠭᠡᠯᠡᠯᠭᠡ ᠶᠢᠨ ᠲᠤᠭ᠎ᠠ ᠬᠡᠮᠵᠢᠶ᠎ᠠ ᠶᠢ ᠲᠤᠭᠳᠠᠭᠠᠪᠠ᠃ | ︽ᠵᠢᠭᠡᠯᠡᠯᠭᠡ ᠶᠢᠨ ᠶᠠᠪᠤᠴᠠ ᠲᠦᠬᠦᠮ ᠪᠠᠶᠢᠵᠤ᠂ ᠲᠤᠬᠠᠢ ᠶᠢᠨ ᠡᠳᠤᠷ ᠲᠤ ᠵᠢᠭᠡᠯᠡᠭᠰᠡᠨ ᠮᠦᠩᠬᠦ ᠪᠠᠨ | ᠤᠯᠪᠠ᠂ ᠲᠤᠰ ᠵᠢᠭᠡᠯᠡᠯᠭᠡ ᠶᠢ ᠤᠯᠤᠭᠰᠠᠨ ᠨᠢ ᠪᠢ ᠡ᠊ᠨᠠ ᠵᠢᠯ ᠤᠨ ᠡᠯᠪᠡᠭ ᠬᠤᠷᠢᠶᠠᠯᠳᠠ ᠤᠯᠬᠤ ᠳᠠᠭᠠᠨ ᠨᠡᠩ | ᠢᠳᠡᠭᠡᠯ ᠲᠠᠢ ᠪᠤᠯᠪᠠ︾ ᠭᠡᠵᠤ ᠬᠤᠩ ᠰᠢᠶᠠᠩ ᠢᠳᠡᠭᠡᠯ ᠲᠡᠬᠦᠯᠳᠡᠷ ᠶᠠᠷᠢᠨ᠎ᠠ᠃ | ᠤᠶᠢᠯᠠᠭᠠᠭᠰᠠᠨ ᠢᠶᠠᠷ᠂ ︽ᠪᠦᠬᠦ ᠲᠤᠰᠬᠤᠨ ᠳᠤ ᠢᠳᠡᠭᠡᠮᠵᠢ ᠤᠯᠭᠤᠬᠤ︾ ᠪᠤᠯ ᠰᠡᠷᠭᠡᠨ ᠤᠳᠤ | ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠪᠠ ᠬᠦᠳᠡᠭᠡ ᠲᠤᠰᠬᠤᠨ ᠤ ᠢᠳᠡᠭᠡᠮᠵᠢᠳᠤ ᠬᠤᠯᠪᠤᠭᠠᠳᠤ | ᠬᠤᠷᠰᠢᠶ᠎ᠠ ᠲᠠᠢ ᠬᠠᠮᠳᠤᠷᠠᠨ ᠡᠯ᠎ᠠ ᠲᠤᠰᠬᠤᠨ ᠤ ᠶᠡᠷᠤᠩᠬᠡᠶᠢᠯᠡᠭᠰᠡᠨ ᠦᠨᠡᠨᠴᠢ ᠢᠳᠡᠭᠡᠮᠵᠢ ᠶᠢᠨ ᠪᠠᠶᠢᠳᠠᠯ ᠳᠤ | ᠦᠨᠡᠯᠡᠯᠳᠠ ᠬᠢᠵᠤ᠂ ᠨᠦᠬᠦᠴᠠᠯ ᠳᠤ ᠨᠡᠶᠢᠴᠡᠭᠰᠡᠨ ᠲᠤᠰᠬᠤᠨ᠂ ᠬᠤᠷᠰᠢᠶ᠎ᠠ ᠵᠢᠴᠢ ᠲᠠᠷᠢᠶᠠᠴᠢᠨ ᠡᠷᠤᠬᠡ ᠳᠤ | ᠢᠳᠡᠭᠡᠮᠵᠢᠳᠤ ᠵᠢᠭᠡᠯᠡᠯᠭᠡ ᠶᠢᠨ ᠲᠤᠭ᠎ᠠ ᠬᠡᠮᠵᠢᠶ᠎ᠠ ᠶᠢ ᠠᠮᠠᠯᠳᠠᠬᠤ ᠨᠢᠭᠡ ᠵᠦᠢᠯ ᠤᠨ ᠠᠵᠢᠯ ᠤᠨ ᠬᠡᠯᠪᠡᠷᠢ ᠪᠤᠯᠤᠨ᠎ᠠ᠃ ︽ | ᠪᠦᠬᠦ ᠲᠤᠰᠬᠤᠨ ᠳᠤ ᠢᠳᠡᠭᠡᠮᠵᠢ ᠤᠯᠭᠤᠬᠤ︾ ᠠᠵᠢᠯ ᠢ ᠯᠠᠪᠳᠠᠭᠤᠨ ᠢᠶᠠᠷ ᠠᠬᠢᠭᠤᠯᠬᠤ ᠪᠠᠷ᠂ ᠰᠡᠷᠬᠡᠨ ᠤᠳᠤ | ᠦᠶ᠎ᠠ ᠶᠢᠨ ᠲᠠᠷᠢᠶᠠᠯᠠᠩ ᠤᠨ ᠤᠷᠤᠨ ᠲᠤᠭᠤᠷᠢᠭ ᠠᠵᠢᠯᠳᠠᠨ ᠢᠶᠠᠨ ᠵᠤᠬᠢᠶᠠᠨ ᠪᠠᠶᠢᠭᠤᠯᠤᠨ ᠲᠠᠷᠢᠶᠠᠴᠢᠨ ᠡᠷᠤᠬᠡ ᠪᠠᠷ | ᠬᠦᠨᠵᠡᠭᠡᠶᠢᠷᠡᠵᠤ᠂ ︽ᠰᠦᠯᠵᠢᠶᠡᠨ ᠳᠤ ᠵᠢᠭᠡᠯᠡᠯᠭᠡ ᠬᠦᠢᠴᠡᠳᠭᠡᠬᠦ᠂ ᠢᠳᠡᠭᠡᠮᠵᠢᠳᠤ ᠵᠢᠭᠡᠯᠡᠯᠭᠡ ᠬᠦᠢᠴᠡᠳᠭᠡᠬᠦ︾ ᠶᠢ | ᠢᠳᠡᠪᠬᠢᠳᠠᠢ ᠲᠡᠯᠭᠡᠷᠡᠬᠦᠯᠵᠤ᠂ ︽ᠲᠤᠰᠬᠤᠨ ᠪᠦᠷᠢ ᠶᠢ ᠲᠠᠭᠠᠭᠠᠴᠢᠯᠠᠬᠤ ᠬᠦᠮᠤᠨ ᠲᠠᠢ᠂ ᠡᠷᠤᠬᠡ ᠪᠦᠷᠢ ᠶᠢ | ᠠᠰᠠᠭᠤᠬᠤ ᠬᠦᠮᠤᠨ ᠲᠠᠢ︾ ᠤᠬᠢ ᠰᠠᠶᠢᠨ ᠪᠠᠶᠢᠳᠠᠯ ᠢ ᠪᠤᠢ ᠪᠤᠯᠭᠠᠵᠠᠢ᠃ | ᠤᠳᠤᠬᠠᠨ ᠪᠤᠯᠳᠠᠯ᠎ᠠ᠂ ︽ᠪᠦᠬᠦ ᠲᠤᠰᠬᠤᠨ ᠳᠤ ᠢᠳᠡᠭᠡᠮᠵᠢ ᠤᠯᠭᠤᠬᠤ︾ ᠬᠡᠯᠪᠡᠷᠢ ᠪᠠᠷ ᠲᠠᠮᠵᠢᠨ ᠨᠡᠶᠢᠳᠠ | 1000 ᠭᠠᠷᠤᠢ ᠡᠷᠤᠬᠡ ᠳᠤ ᠬᠦᠨᠵᠡᠭᠡᠶᠢᠷᠡᠵᠤ᠂ 14 ᠲᠤᠰᠬᠤᠨ ᠤ 1900 ᠡᠷᠤᠭᠡ ᠶᠢ ᠲᠡᠰ ᠰᠢᠯᠭᠠᠷᠠᠭᠤᠯᠤᠨ | ᠢᠳᠡᠭᠡᠮᠵᠢ ᠤᠯᠭᠤᠵᠤ᠂ ᠢᠳᠡᠭᠡᠮᠵᠢ ᠶᠢᠨ ᠮᠦᠩᠬᠦ 2 ᠳ᠋ᠦᠩᠰᠢᠭᠤᠷ 5 ᠮᠢᠩᠭᠠᠨ ᠲᠦᠮᠡᠨ ᠲᠦᠬᠦᠷᠢᠭ ᠲᠤ ᠬᠦᠷᠴᠤ᠂ | ᠡᠬᠦᠨ ᠳᠤ᠂ ᠬᠠᠪᠤᠷ ᠤᠨ ᠲᠠᠷᠢᠶᠠᠯᠠᠭ᠎ᠠ ᠶᠢᠨ ᠵᠢᠭᠡᠯᠡᠯᠭᠡ 1400 ᠲᠦᠮᠡᠨ ᠲᠦᠬᠦᠷᠢᠭ ᠲᠤ ᠬᠦᠷᠪᠡ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠤᠨ ᠵᠠᠩᠬᠢᠯᠠᠭ᠎ᠠ ᠶᠢᠨ ᠬᠤᠭᠤᠴᠠᠭᠠᠨ ᠳᠤ᠂ ᠮᠦᠩᠬᠦᠨ | ᠬᠦᠢᠯᠭᠡᠭᠡᠨ ᠤ ᠦᠢᠯᠡᠴᠢᠯᠡᠭᠡ ᠨᠢ ᠤᠯᠠᠨ ᠲᠦᠮᠡᠨ ᠤ ᠪᠠᠯᠠ ᠮᠦᠩᠬᠦ ᠶᠢᠨ ᠬᠦᠴᠢᠷᠳᠠᠯ ᠢ ᠰᠶᠢᠳᠪᠤᠷᠢᠯᠡᠭᠰᠡᠨ ᠢᠶᠠᠷ | ᠪᠠᠷᠠᠬᠤ ᠦᠭᠡᠢ ᠨᠡᠩ ᠴᠤ ᠬᠦᠳᠡᠭᠡ ᠲᠤᠰᠬᠤᠨ ᠤ ᠠᠵᠤ ᠦᠢᠯᠡᠰ ᠤᠨ ᠬᠦᠭᠵᠢᠯᠳᠠ ᠳᠤ ᠬᠦᠴᠤᠯᠡᠪᠡ᠃ ᠲᠤᠰ | ᠤᠷᠤᠨ ᠲᠤᠭᠤᠷᠢᠭ ᠨᠢ ᠦᠷᠬᠦᠯᠵᠢᠯᠡᠨ ᠬᠦᠳᠡᠭᠡ ᠲᠤᠰᠬᠤᠨ ᠤ ᠢᠳᠡᠭᠡᠮᠵᠢᠳᠤ ᠬᠤᠷᠰᠢᠶ᠎ᠠ ᠲᠠᠢ ᠬᠤᠯᠪᠤᠭᠠᠯᠠᠨ ︽ | ᠢᠳᠡᠭᠡᠮᠵᠢ + ᠮᠦᠩᠬᠦᠨ ᠬᠦᠢᠯᠭᠡᠭᠡ︾ ᠪᠠᠷ ᠠᠳᠬᠤᠴᠠ ᠪᠤᠯᠭᠠᠨ᠂ ᠮᠦᠩᠬᠦᠨ ᠬᠦᠢᠯᠭᠡᠭᠡᠨ ᠤ ᠦᠢᠯᠡᠴᠢᠯᠡᠭᠡ ᠶᠢᠨ | ᠬᠠᠮᠢᠶ᠎ᠠ ᠪᠦᠬᠦᠢ ᠠᠵᠢᠯ ᠢ ᠰᠠᠶᠢᠳᠤᠷ ᠦᠷᠨᠢᠬᠦᠯᠤᠨ᠎ᠠ᠃ ︵ᠴᠤᠯᠮᠤᠨ︶ | | | | | |