| | ︽ᠡᠨᠡᠬᠦ ᠠᠮᠠᠯᠠᠯᠳᠠ ᠶᠢᠨ ᠪᠢᠴᠢᠭ ᠢ ᠲᠤᠰᠢᠶᠠᠭᠰᠠᠨ ᠤ ᠲᠠᠷᠠᠭ᠎ᠠ᠂ 12 ᠲᠦᠮᠡᠨ ᠲᠦᠭᠦᠷᠢᠭ ᠤᠨ | ᠪᠠᠳᠤᠯᠠᠭ᠎ᠠ ᠶᠢᠨ ᠮᠦᠩᠬᠦ ᠶᠢ ᠰᠢᠭᠤᠳ ᠬᠡᠯᠳᠦᠷᠢᠬᠦᠯᠵᠡᠢ︾ ᠭᠡᠵᠦ ᠬᠢᠩᠭᠠᠨ ᠠᠶᠢᠮᠠᠭ ᠤᠨ ᠤᠯᠠᠭᠠᠨᠬᠤᠳᠠ ᠶᠢᠨ ᠢᠯᠴᠢ | ᠬᠠᠩᠭᠠᠬᠤ ᠲᠤᠤᠷ ᠬᠤᠭᠤᠯᠠᠢ ᠵᠢᠴᠢ ᠲᠤᠨᠤᠭ ᠲᠦᠬᠦᠭᠡᠷᠦᠮᠵᠢ ᠶᠢ ᠶᠡᠷᠦᠩᠭᠡᠶᠢᠯᠡᠭᠰᠡᠨ ᠰᠢᠨᠡᠳᠭᠡᠨ ᠦᠭᠡᠷᠡᠴᠢᠯᠡᠬᠦ | ᠢᠨᠵᠤᠨᠤᠷᠢᠩ ᠤᠨ ᠲᠠᠭᠠᠭᠠᠴᠢᠯᠠᠯᠳᠠ ᠬᠦᠯᠢᠶᠡᠬᠦ ᠳᠤ ᠤᠷᠤᠯᠴᠠᠭᠰᠠᠨ ᠨᠢᠭᠡᠨ ᠠᠵᠦ ᠠᠬᠤᠶᠢᠯᠠᠯ ᠤᠨ ᠠᠵᠢᠯᠳᠠᠨ ᠶᠤᠸᠠᠢ | ᠬᠤᠩ ᠰᠢᠦ ᠬᠡᠯᠡᠨ᠎ᠡ᠃ ᠲᠡᠬᠦᠨ ᠤ ᠠᠵᠢᠯᠯᠠᠵᠦ ᠪᠠᠶᠢᠭ᠎ᠠ ᠠᠵᠦ ᠠᠬᠤᠶᠢᠯᠠᠯ ᠨᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠢᠨᠵᠧᠨᠧᠷᠢᠩ ᠤᠨ ᠲᠥᠷᠥᠯ ᠵᠦᠢᠯ ᠤᠨ ᠠᠷᠠᠯᠵᠢᠶᠠᠨ ᠤ ᠰᠢᠰᠲ᠋ᠧᠮ ᠢᠶᠠᠷ ᠳᠠᠮᠵᠢᠭᠤᠯᠤᠨ ᠥᠨᠠᠨᠴᠢ | ᠢᠲᠡᠭᠡᠮᠵᠢ ᠶᠢᠨ ᠠᠮᠠᠯᠠᠯᠲᠠ ᠶᠢᠨ ᠪᠢᠴᠢᠭ ᠢᠶᠠᠨ ᠲᠤᠰᠢᠶᠠᠭᠰᠠᠨ ᠤ ᠲᠠᠷᠠᠭ᠎ᠠ ᠲᠠᠭᠠᠭᠠᠴᠢᠯᠠᠯᠳᠠ ᠬᠦᠯᠢᠶᠡᠬᠦ ᠳᠤ | ᠤᠷᠤᠯᠴᠠᠬᠤ ᠪᠠᠳᠤᠯᠠᠭ᠎ᠠ ᠶᠢᠨ ᠮᠦᠩᠬᠦ ᠶᠢ ᠪᠦᠬᠦᠨ ᠢ ᠬᠠᠰᠤᠵᠦ ᠬᠡᠯᠳᠤᠷᠢᠬᠦᠯᠬᠦ ᠲᠦᠷᠦ ᠶᠢᠨ ᠪᠤᠳᠤᠯᠭ᠎ᠠ ᠶᠢᠨ | ᠠᠰᠢᠭ ᠢ ᠬᠦᠷᠳᠡᠪᠡ᠃ | ᠨᠢᠭᠡᠨ ᠥᠨᠠᠨᠴᠢ ᠢᠳᠡᠭᠡᠮᠵᠢ ᠶᠢᠨ ᠠᠮᠠᠯᠠᠯᠳᠠ ᠶᠢᠨ ᠪᠢᠴᠢᠭ ᠨᠢ ᠲᠠᠭᠠᠭᠠᠴᠢᠯᠠᠯᠳᠠ ᠬᠦᠯᠢᠶᠡᠬᠦ ᠳᠤ | ᠤᠷᠤᠯᠴᠠᠬᠤ ᠪᠠᠳᠤᠯᠠᠭ᠎ᠠ ᠶᠢᠨ ᠮᠦᠩᠬᠦ ᠲᠤᠰᠢᠶᠠᠬᠤ ᠦᠭᠡᠢ ᠪᠤᠯᠭᠠᠪᠠ᠂ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠵᠠᠬ᠎ᠠ ᠳᠡᠯᠭᠡᠭᠦᠷ ᠤᠨ ᠤᠷᠤᠬᠤ ︽ᠬᠢᠷᠢ ᠭᠡᠮ ᠤᠨ ᠲᠡᠮᠳᠡᠭ︾ ᠪᠤᠯᠤᠭᠰᠠᠨ ᠤ ᠬᠤᠪᠢ ᠳᠤ ᠬᠢᠩᠭᠠᠨ | ᠠᠶᠢᠮᠠᠭ ᠤᠨ ᠡᠨᠡᠬᠦ ᠠᠷᠭ᠎ᠠ ᠠᠪᠴᠠᠯ ᠨᠢ ᠠᠵᠤ ᠠᠬᠤᠶᠢᠯᠠᠯ ᠳᠤ ᠲᠥᠬᠦᠮ ᠦᠵᠡᠭᠦᠯᠵᠦ ᠲᠠᠷᠤᠭᠠᠰᠦ ᠶᠢ ᠨᠢ ᠦᠨᠡᠨ ᠬᠦ | ᠬᠦᠩᠭᠡᠷᠡᠬᠦᠯᠪᠡ᠃ 2024 ᠣᠨ ᠳᠤ᠂ ᠬᠢᠩᠭᠠᠨ ᠠᠶᠢᠮᠠᠭ 500 ᠲᠦᠮᠡᠨ ᠲᠥᠭᠦᠷᠢᠭ ᠵᠢᠴᠢ ᠲᠡᠭᠦᠨ ᠠᠴᠠ | ᠳᠣᠷᠣᠭᠰᠢᠬᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠳᠤ ᠲᠠᠭᠠᠭᠠᠴᠢᠯᠠᠯᠳᠠ ᠬᠦᠯᠢᠶᠡᠬᠦ | ᠪᠠᠳᠤᠯᠠᠭ᠎ᠠ ᠶᠢᠨ ᠮᠦᠩᠬᠦ ᠶᠢ ᠬᠠᠰᠤᠵᠦ ᠬᠡᠯᠳᠦᠷᠢᠬᠦᠯᠬᠦ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠦ᠂ ᠠᠰᠢᠭ | ᠬᠦᠷᠳᠡᠭᠰᠡᠨ ᠲᠦᠷᠦᠯ ᠵᠦᠢᠯ ᠨᠢ 151 ᠬᠦᠷᠪᠡ᠃ 2025 ᠣᠨ ᠳᠤ᠂ ᠬᠢᠩᠭᠠᠨ ᠠᠶᠢᠮᠠᠭ ᠠᠵᠤ ᠠᠬᠤᠶᠢᠯᠠᠯ ᠢ | ᠲᠤᠰᠠᠯᠠᠬᠤ ᠠᠵᠢᠯᠯᠠᠭ᠎ᠠ ᠶᠢ ᠬᠦᠨᠵᠡᠭᠡᠢ ᠥᠷᠨᠢᠭᠦᠯᠵᠥ᠂ ᠳᠠᠭᠠᠭᠠᠴᠢᠯᠠᠯᠲᠠ ᠬᠦᠯᠢᠶᠡᠬᠦ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠢ ᠦᠷᠬᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠦᠷᠦᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠳᠤᠯᠠᠭ᠎ᠠ ᠶᠢᠨ ᠮᠥᠩᠭᠦ ᠶᠢ ᠬᠠᠰᠤᠵᠤ ᠬᠡᠯᠲᠦᠷᠢᠭᠦᠯᠬᠦ | ᠬᠡᠪᠴᠢᠶ᠎ᠡ ᠶᠢ 2024 ᠣᠨ ᠳᠤ 500 ᠲᠦᠮᠡᠨ ᠲᠥᠭᠦᠷᠢᠭ ᠠᠴᠠ ᠳᠣᠷᠣᠭᠰᠢ ᠪᠠᠶᠢᠭᠰᠠᠨ ᠠᠴᠠ ᠦᠷᠭᠡᠳᠭᠡᠨ | 1000 ᠲᠦᠮᠡᠨ ᠲᠦᠭᠦᠷᠢᠭ ᠠᠴᠠ ᠲᠤᠷᠤᠭᠰᠢ ᠪᠤᠯᠭᠠᠪᠠ᠃ ᠲᠤᠰ ᠲᠦᠷᠦ ᠶᠢᠨ ᠪᠤᠳᠤᠯᠭ᠎ᠠ ᠶᠢ | ᠬᠡᠷᠡᠭᠵᠢᠬᠦᠯᠦᠭᠰᠡᠨ ᠠᠴᠠ ᠨᠠᠭᠠᠰᠢ᠂ ᠨᠢᠭᠡᠨᠲᠡ ᠨᠥᠬᠦᠴᠡᠯ ᠳᠤ ᠨᠡᠶᠢᠴᠡᠬᠦ ᠵᠠᠰᠠᠭ ᠤᠨ ᠣᠷᠳᠣᠨ ᠤ ᠪᠠᠯᠠ | ᠣᠷᠣᠭᠤᠯᠤᠯᠲᠠ ᠶᠢᠨ 40 ᠲᠥᠷᠥᠯ ᠵᠦᠢᠯ ᠤᠨ ᠳᠠᠭᠠᠭᠠᠴᠢᠯᠠᠯᠲᠠ ᠬᠦᠯᠢᠶᠡᠬᠦ ᠪᠠᠲᠤᠯᠠᠭ᠎ᠠ ᠶᠢᠨ ᠮᠥᠩᠭᠦ ᠶᠢ ᠬᠠᠰᠤᠵᠦ | ᠬᠡᠯᠳᠦᠷᠢᠬᠦᠯᠵᠦ᠂ ᠡᠬᠦᠨ ᠳᠤ 13 ᠲᠥᠷᠥᠯ ᠵᠦᠢᠯ ᠨᠢ ᠰᠢᠨ᠎ᠡ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠴᠠ | ᠪᠤᠯᠵᠦ ᠠᠩᠬ᠎ᠠ ᠤᠳᠠᠭ᠎ᠠ 500 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ᠤᠨ ᠬᠤᠭᠤᠷᠣᠨᠳᠣᠬᠢ | ᠬᠠᠰᠤᠵᠤ ᠭᠡᠯᠳᠦᠷᠢᠭᠦᠯᠬᠦ ᠬᠠᠷᠠᠭᠠᠯᠵᠠᠯ ᠬᠦᠷᠳᠡᠵᠡᠢ᠃ | ︽ᠥᠩᠭᠡᠷᠡᠭᠰᠡᠨ ᠳᠤ ᠳᠠᠭᠠᠭᠠᠴᠢᠯᠠᠯᠲᠠ ᠬᠦᠯᠢᠶᠡᠬᠦ ᠳᠤ ᠤᠷᠤᠯᠴᠠᠬᠤ ᠠᠴᠠ ᠡᠮᠦᠨ᠎ᠡ ᠪᠠᠳᠤᠯᠠᠭ᠎ᠠ ᠶᠢᠨ | ᠮᠦᠩᠬᠦ ᠲᠤᠰᠢᠶᠠᠳᠠᠭ ᠪᠠᠶᠢᠪᠠ᠃ ᠡᠨᠡ ᠨᠢ ᠪᠢᠳᠡᠨ ᠳᠤ ᠠᠪᠴᠦ ᠬᠡᠯᠡᠪᠡᠯ ᠪᠠᠭ᠎ᠠ ᠪᠤᠰᠤ ᠵᠠᠷᠤᠯᠭ᠎ᠠ ᠪᠣᠯᠤᠨ᠎ᠠ᠃ | ᠡᠳᠦᠭᠡ᠂ ᠠᠮᠠᠯᠠᠯᠲᠠ ᠶᠢᠨ ᠪᠢᠴᠢᠭ ᠢᠶᠠᠷ ᠳᠠᠭᠠᠭᠠᠴᠢᠯᠠᠯᠲᠠ ᠬᠦᠯᠢᠶᠡᠬᠦ ᠪᠠᠳᠤᠯᠠᠭ᠎ᠠ ᠶᠢᠨ ᠮᠦᠩᠬᠦ ᠶᠢ ᠤᠷᠤᠯᠠᠭᠤᠯᠵᠦ᠂ | ᠠᠵᠤ ᠠᠬᠤᠶᠢᠯᠠᠯ ᠤᠨ ᠪᠡᠯᠡ ᠮᠥᠩᠭᠦᠨ ᠤ ᠥᠪᠡᠷ ᠤᠨ ᠦᠷᠳᠡᠭ ᠢ ᠦᠨᠡᠨᠬᠦ ᠠᠷᠪᠢᠯᠠᠵᠤ᠂ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠨᠡᠩ ᠰᠠᠶᠢᠨ ᠬᠥᠭᠵᠢᠭᠡᠬᠦ ᠳᠤ | ᠠᠰᠢᠭᠲᠠᠢ ᠶᠤᠮ︾ ᠭᠡᠵᠦ ᠶᠤᠸᠠᠢ ᠬᠤᠩ ᠰᠢᠤ ᠬᠡᠯᠡᠵᠦ ᠪᠠᠶᠢᠯ᠎ᠠ᠃ | ︽ᠲᠠᠷᠠᠭᠠᠴᠢ ᠪᠠᠷ᠂ ᠬᠢᠩᠭᠠᠨ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠥᠪ ᠦᠷᠭᠦᠯᠵᠢᠯᠡᠨ ᠬᠦᠴᠦᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡᠨ ᠤ | ᠴᠤᠪᠤᠷᠠᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠢ | ᠪᠠᠶᠢᠩᠭᠤᠵᠢᠭᠤᠯᠤᠨ ᠬᠤᠯᠪᠤᠭᠠᠯᠠᠨ ᠬᠦᠳᠡᠯᠦᠯᠴᠡᠬᠦ ᠶᠢ ᠴᠢᠩᠭᠠᠳᠬᠠᠵᠦ᠂ ᠠᠵᠤ ᠠᠬᠤᠶᠢᠯᠠᠯ ᠢ ᠳᠡᠮᠵᠢᠨ ᠠᠵᠤ | ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠪᠣᠳᠠᠲᠠᠶ ᠪᠠᠷ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠡᠭᠦᠨ ᠤ ᠬᠠᠮᠲᠤ᠂ ᠪᠢᠳᠡ ᠪᠠᠰᠠ ᠦᠢᠯᠡᠴᠢᠯᠡᠭᠡᠨ ᠤ ᠵᠠᠭᠪᠤᠷ ᠤᠨ | ᠰᠢᠨ᠎ᠡ ᠶᠢ ᠡᠭᠦᠳᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ | ᠰᠣᠨᠣᠰᠴᠤ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠳᠥᠭᠦᠮ ᠳᠥᠲᠡ ᠥᠨᠳᠥᠷ ᠪᠦᠲᠦᠮᠵᠢᠲᠡᠶ | ᠦᠢᠯᠡᠴᠢᠯᠡᠭᠡ ᠬᠠᠩᠭᠠᠵᠤ᠂ ᠬᠢᠩᠭᠠᠨ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ | ᠴᠢᠳᠠᠯ ᠢᠶᠠᠨ ᠡᠷᠭᠦᠨ᠎ᠡ︾ ᠭᠡᠵᠦ ᠬᠢᠩᠭᠠᠨ ᠠᠶᠢᠮᠠᠭ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ | ᠲᠥᠪ ᠤᠨ ᠨᠠᠮ ᠤᠨ ᠤᠳᠤᠷᠢᠳᠬᠤ ᠲᠤᠭᠤᠶᠢᠯᠠᠩ ᠤᠨ ᠭᠡᠰᠢᠬᠦᠨ᠂ ᠲᠡᠳ᠋ ᠡᠷᠬᠢᠯᠡᠭᠴᠢ ᠯᠢᠦ ᠲᠦᠩ ᠬᠡᠯᠡᠨ᠎ᠡ᠃ ︵ | ᠬᠠᠨ ᠢᠦᠶ ᠭᠧ ᠲᠤᠯᠭᠠᠭᠤᠷᠢ︶ | | | | | |