ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠾᠧ ᠫᠢᠩ ᠨᠡᠶᠢᠭᠡᠮ ᠲᠣᠭᠤᠷᠢᠭ ᠬᠤᠪᠢᠶᠠᠷᠢ ᠬᠤᠷᠢᠶ᠎ᠠ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠥᠷᠨᠢᠭᠦᠯᠵᠠᠢ
ᠨᠡᠶᠢᠲᠡᠯᠡᠭᠰᠡᠨ ᠴᠠᠭ᠄
2025/4/30
        2025 ᠣᠨ ᠤ 4 ᠳ᠋ᠤᠭᠡᠷ ᠪᠣᠯ 37 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠰᠠᠷ᠎ᠠ ᠪᠣᠯᠤᠨ᠎ᠠ᠂ ᠰᠠᠭᠤᠭᠠᠯᠢ ᠠᠷᠠᠳ ᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠪᠣᠶ ᠪᠣᠯᠭᠠᠬᠤ ᠶᠢ ᠶᠡᠬᠡᠪᠡᠷ ᠰᠠᠨᠠᠭᠠᠴᠢᠯᠠᠵᠤ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠪᠠᠷ᠂ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶ᠎ᠠ ᠶᠢᠨ ᠾᠧ ᠫᠢᠩ ᠨᠡᠶᠢᠭᠡᠮ ᠲᠣᠭᠤᠷᠢᠭ ᠬᠤᠪᠢᠶᠠᠷᠢ ᠬᠤᠷᠢᠶᠠᠨ ᠠᠴᠠ ᠬᠤᠩ ᠫᠦ᠋ ᠨᠡᠶᠢᠭᠡᠮ ᠲᠣᠭᠤᠷᠢᠭ ᠲᠤ ︽ᠡᠷᠡᠭᠦᠯ ᠬᠠᠮᠠᠭᠠᠯᠠᠯ ᠤᠨ ᠰᠢᠨ᠎ᠡ ᠬᠠᠭᠤᠳᠠᠰᠤ ᠶᠢ ᠨᠡᠭᠡᠭᠡᠵᠦ ᠡᠷᠡᠭᠦᠯ ᠰᠠᠷᠠᠭᠤᠯ ᠠᠮᠢᠳᠤᠷᠠᠯ ᠢ ᠡᠳ᠋ᠯᠡᠬᠦ︾ ᠪᠠᠷ ᠰᠡᠳᠦᠪᠯᠡᠭᠰᠡᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠥᠷᠨᠢᠭᠦᠯᠪᠡ᠃        ᠠᠵᠢᠯᠯᠠᠭ᠎ᠠ ᠶᠢᠨ ᠲᠤᠬᠠᠶ ᠶᠢᠨ ᠳᠠᠯᠠᠪᠤᠷ ᠲᠤ᠂ ᠾᠧ ᠫᠢᠩ ᠨᠡᠶᠢᠭᠡᠮ ᠲᠣᠭᠤᠷᠢᠭ ᠬᠤᠪᠢᠶᠠᠷᠢ ᠶᠢᠨ ᠡᠮᠨᠡᠯᠭᠡ ᠶᠢᠨ ᠬᠤᠷᠢᠶ᠎ᠠ ᠶᠡᠷᠦᠩᠬᠡᠶ ᠰᠠᠯᠠᠭᠠᠨ ᠤ ᠡᠮᠴᠢ ᠠᠴᠠ ᠪᠡᠶ᠎ᠡ ᠶᠢᠨ ᠬᠦᠨᠳᠦ ᠶᠢᠨ ᠬᠠᠮᠢᠶᠠᠷᠤᠯᠲᠠ᠂ ︽ᠭᠤᠷᠪᠠ ᠶᠢ ᠪᠠᠭᠠᠰᠬᠠᠵᠤ ᠭᠤᠷᠪᠠ ᠶᠢ ᠴᠢᠭᠢᠷᠠᠭᠵᠢᠭᠤᠯᠬᠤ︾᠂ ᠬᠠᠪᠤᠳᠠᠷ ᠢ ᠰᠡᠷᠭᠡᠶᠢᠯᠡᠨ ᠵᠠᠰᠠᠬᠤ ᠵᠡᠷᠭᠡ ᠶᠢᠨ ᠳᠤᠭᠤᠷᠢᠨ ᠳᠤ᠂ ᠰᠠᠭᠤᠭᠠᠯᠢ ᠠᠷᠠᠳ ᠲᠤ ᠪᠡᠶ᠎ᠡ ᠶᠢᠨ ᠬᠦᠨᠳᠦ ᠶᠢᠨ ᠵᠢᠭᠠᠯᠲᠠ ᠲᠤᠭ᠎ᠠ ︵BMI︶᠂ ᠪᠡᠶ᠎ᠡ ᠶᠢᠨ ᠥᠭᠡᠬᠦ ᠶᠢᠨ ᠨᠣᠷᠮ᠎ᠠ ᠵᠡᠷᠭᠡ ᠡᠷᠡᠭᠦᠯ ᠮᠡᠨᠳᠦ ᠶᠢᠨ ᠬᠦᠢᠴᠡᠳᠭᠡᠯ ᠲᠤᠭ᠎ᠠ ᠶᠢ ᠪᠤᠳᠤᠬᠤ ᠠᠷᠭ᠎ᠠ᠂ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠮᠡᠳᠡᠯᠭᠡ᠂ ᠪᠠᠶᠢᠩᠭᠤ ᠲᠣᠬᠢᠶᠠᠯᠳᠤᠳᠠᠭ ᠥᠮᠡᠨ ᠡᠪᠡᠳᠴᠢᠨ ᠤ ᠡᠬᠢᠨ ᠤ ᠬᠤᠭᠤᠴᠠᠭᠠᠨ ᠳᠠᠬᠢ ᠡᠪᠡᠳᠴᠢᠨ ᠤ ᠢᠯᠡᠷᠡᠯ᠂ ᠰᠢᠭᠰᠢᠨ ᠪᠠᠶᠢᠴᠠᠭᠠᠬᠤ ᠠᠷᠭ᠎ᠠ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠡᠷᠡᠭᠦᠯ ᠮᠡᠨᠳᠦ ᠶᠢᠨ ᠮᠡᠳᠡᠯᠭᠡ ᠶᠢ ᠭᠤᠤᠯᠳᠠᠯᠭ᠎ᠠ ᠲᠠᠢ ᠲᠠᠶᠢᠯᠪᠤᠷᠢᠯᠠᠪᠠ᠃ ᠰᠠᠭᠤᠭᠠᠯᠢ ᠠᠷᠠᠳ ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠡᠮᠴᠢ ᠲᠠᠢ ᠢᠳᠡᠪᠬᠢᠲᠡᠶ ᠪᠠᠷ ᠰᠠᠨᠠᠯ ᠢᠶᠠᠨ ᠰᠣᠯᠢᠯᠴᠠᠨ᠂ ᠲᠤᠬᠠᠶ ᠶᠢᠨ ᠳᠠᠯᠠᠪᠤᠷ ᠲᠤ ᠯᠠᠪᠯᠠᠨ ᠠᠰᠠᠭᠤᠵᠦ᠂ ᠪᠠᠶ᠎ᠠ ᠶᠢᠨ ᠪᠠᠶᠢᠳᠡᠯ ᠢᠶᠠᠨ ᠤᠶᠢᠯᠠᠭᠠᠬᠰᠠᠨ ᠪᠠᠶᠢᠨ᠎ᠠ᠃        ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠡᠷᠡᠭᠦᠯ ᠮᠡᠨᠳᠦ ᠶᠢᠨ ᠲᠠᠪᠴᠠᠩ ᠬᠠᠨᠭ᠍ᠭᠠᠵᠦ᠂ ᠳᠡᠳᠡᠨᠡᠷ ᠢ ᠬᠠᠪᠰᠤᠷᠤᠨ ᠤᠤᠯ ᠤᠨ ᠰᠢᠨᠵᠢᠯᠡᠬᠦ ᠤᠬᠠᠭᠠᠨᠴᠢ ᠪᠤᠰᠤ ᠢᠳᠡᠭᠡᠨ ᠤᠮᠳᠠᠭᠠᠨ ᠪᠠ ᠠᠮᠢᠳᠤᠷᠠᠯ ᠤᠨ ᠳᠠᠳᠬᠠᠯ ᠢ ᠨᠢ ᠬᠤᠪᠢᠷᠠᠭᠤᠯᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠰᠠᠶᠢᠨ ᠰᠠᠶᠢᠬᠠᠨ ᠠᠮᠢᠳᠤᠷᠠᠯ ᠢ ᠪᠣᠶ ᠪᠣᠯᠭᠠᠬᠤ ᠳᠤ ᠬᠦᠴᠦᠨ ᠨᠡᠮᠡᠷᠢᠯᠡᠪᠡ᠃        ︽ᠪᠢᠳᠡ ᠦᠷᠬᠦᠯᠵᠢᠯᠡᠨ ᠡᠷᠡᠭᠦᠯ ᠮᠡᠨᠳᠦ ᠶᠢᠨ ᠮᠡᠳᠡᠯᠭᠡ ᠶᠢ ᠠᠳᠠᠯᠢ ᠪᠤᠰᠤ ᠨᠠᠰᠤᠨ ᠤ ᠬᠥᠮᠦᠰ ᠲᠤ ᠤᠬᠠᠭᠤᠯᠤᠨ ᠤᠯᠠᠮᠵᠢᠯᠠᠵᠦ᠂ ᠣᠯᠠᠨ ᠤ ᠡᠷᠡᠭᠦᠯ ᠮᠡᠨᠳᠦ ᠶᠢᠨ ᠤᠬᠠᠮᠰᠠᠷ ᠪᠠ ᠡᠷᠡᠭᠦᠯ ᠬᠠᠮᠠᠭᠠᠯᠠᠯ ᠤᠨ ᠬᠡᠪ ᠪᠣᠯᠪᠠᠰᠤᠷᠠᠯ ᠢ ᠪᠦᠲᠦᠮᠵᠢᠲᠡᠶ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠩ ᠡᠷᠡᠭᠦᠯ ᠮᠡᠨᠳᠦ᠂ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ︾ ᠭᠡᠵᠦ ᠤᠯᠠᠭᠠᠨᠬᠤᠲᠠ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠶᠡᠷᠦᠩᠬᠡᠶ ᠡᠮᠨᠡᠯᠭᠡ ᠶᠢᠨ ᠬᠤᠷᠢᠶᠠᠨ ᠤ ᠾᠧ ᠫᠢᠩ ᠨᠡᠶᠢᠭᠡᠮ ᠲᠣᠭᠤᠷᠢᠭ ᠬᠤᠪᠢᠶᠠᠷᠢ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠭᠦᠸᠧ ᠳ᠋ᠠᠨ ᠶᠠᠷᠢᠯ᠎ᠠ᠃ ︵ᠭᠦᠸᠧ ᠳ᠋ᠠᠨ︶ 
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号