| ᠤᠶᠢᠷ᠎ᠠ ᠶᠢᠨ ᠵᠢᠯ ᠠᠴᠠ ᠨᠠᠭᠠᠰᠢ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ ᠪᠤᠯᠦᠨ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠲᠦᠷᠡᠨ ᠵᠠᠯᠠᠭᠤ ᠪᠠᠭᠠᠴᠤᠳ ᠤᠨ ᠰᠤᠷᠭᠠᠨ ᠬᠥᠮᠦᠵᠢᠯ ᠤᠨ | ᠦᠢᠯᠡᠳᠦᠯᠭᠡ ᠪᠣᠯᠤᠨ ᠠᠮᠢᠳᠤᠷᠠᠯ ᠤᠨ ᠣᠶᠢᠯᠠᠭᠠᠯᠲᠠ ᠶᠢ ᠪᠠᠶᠠᠯᠢᠭᠵᠢᠭᠤᠯᠤᠨ᠂ ᠳᠡᠳᠡᠨ ᠤ ᠨᠤᠲᠤᠭ ᠤᠰᠤ ᠪᠠᠨ ᠪᠦᠬᠦ | ᠲᠠᠯ᠎ᠠ ᠪᠠᠷ ᠲᠠᠨᠢᠬᠤ᠂ ᠨᠤᠲᠤᠭ ᠤᠰᠤ ᠪᠠᠨ ᠣᠶᠢᠯᠠᠭᠠᠬᠤ᠂ ᠨᠤᠲᠤᠭ ᠤᠰᠤ ᠪᠠᠨ ᠤᠬᠠᠭᠤᠯᠬᠤ ᠳᠤ ᠥᠷᠭᠡᠨ ᠳᠡᠯᠭᠡᠷ | ᠲᠠᠪᠴᠠᠩ ᠬᠠᠨᠭ᠍ᠭᠠᠨ᠂ ᠬᠢᠩᠭᠠᠨ ᠠᠶᠢᠮᠠᠭ ᠤᠨ ᠰᠣᠶᠣᠯ ᠵᠢᠭᠤᠯᠴᠢᠯᠡᠯ ᠤᠨ ᠦᠢᠯᠡᠰ ᠤᠨ ᠬᠦᠭᠵᠢᠯᠳᠡ ᠳᠤ | ᠠᠮᠢᠵᠢᠷᠠᠯ ᠤᠨ ᠰᠢᠨ᠎ᠡ ᠬᠦᠴᠦᠨ ᠤᠯᠭᠤᠬᠰᠠᠨ ᠪᠠᠶᠢᠨ᠎ᠠ᠃ | ᠬᠢᠩᠭᠠᠨ ᠠᠶᠢᠮᠠᠭ ︽ᠪᠠᠶᠢᠭᠠᠯᠢ ᠶᠢᠨ ᠬᠦᠴᠢᠯᠲᠥ᠋ᠷᠥᠭᠴᠢ ᠶᠢᠨ ᠪᠠᠭᠠᠷ︾ ᠪᠠ ︽ᠪᠣᠬᠢᠷᠲᠤᠯ ᠥᠬᠡᠶ | ᠡᠷᠳᠡᠨᠢ ᠶᠢᠨ ᠬᠥᠮᠥᠷᠭᠡ︾ ᠭᠡᠬᠦ ᠰᠠᠶᠢᠬᠠᠨ ᠠᠯᠳᠡᠷ ᠪᠠ ᠭᠦᠨ ᠵᠤᠵᠠᠭᠠᠨ ᠬᠤᠪᠢᠰᠬᠠᠯᠲᠦ ᠰᠣᠶᠣᠯ ᠵᠢᠴᠢ ᠡᠯᠪᠡᠭ | ᠪᠠᠶᠠᠯᠢᠭ ᠪᠠᠶᠢᠭᠠᠯᠢ ᠶᠢᠨ ᠡᠬᠢ ᠪᠠᠶᠠᠯᠢᠭ ᠢᠶᠠᠷ ᠢᠶᠠᠨ ᠡᠯ᠎ᠠ ᠭᠠᠵᠠᠷ ᠤᠨ ᠵᠢᠭᠤᠯᠴᠢᠯᠠᠭᠴᠢᠳ ᠤᠨ ᠠᠩᠬᠠᠷᠦᠯ ᠢ ᠲᠠᠲᠠᠵᠤ | ᠪᠠᠶᠢᠨ᠎ᠠ᠃ ᠬᠡᠬᠦ ᠳᠡᠭᠡᠨ ᠰᠤᠳᠤᠯᠤᠨ ᠰᠤᠷᠤᠯᠴᠠᠬᠤ ᠦᠢᠯᠡᠳᠦᠯᠭᠡ ᠬᠦᠮᠦᠵᠢᠯ ᠤᠨ ᠠᠵᠢᠯᠯᠠᠭ᠎ᠠ ᠥᠷᠨᠢᠭᠦᠯᠵᠦ᠂ | ᠬᠢᠩᠭᠠᠨ ᠠᠶᠢᠮᠠᠭ ᠬᠤᠪᠢᠰᠬᠠᠯᠲᠦ ᠰᠣᠶᠣᠯ᠂ ᠲᠠᠷᠢᠶᠠᠯᠠᠬᠤ ᠰᠣᠶᠣᠯ᠂ ᠲᠠᠯ᠎ᠠ ᠨᠤᠲᠤᠭ ᠤᠨ ᠰᠣᠶᠣᠯ᠂ ᠣᠶ | ᠰᠢᠭᠤᠶ ᠶᠢᠨ ᠰᠣᠶᠣᠯ ᠵᠡᠷᠭᠡ ᠶᠢ ᠬᠦᠨᠵᠡᠭᠡᠢ ᠠᠭᠤᠳᠠᠯᠯᠠᠵᠤ᠂ ᠰᠤᠷᠭᠠᠨ ᠬᠥᠮᠦᠵᠢᠭᠦᠯᠬᠦ ᠠᠴᠢ ᠬᠤᠯᠪᠣᠭᠳᠠᠯ ᠲᠠᠢ | ᠰᠣᠶᠣᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠠᠯᠢ ᠤᠯᠠᠨ ᠦᠷᠨᠢᠬᠦᠯᠦᠭᠰᠡᠨ ᠪᠠᠶᠢᠨ᠎ᠠ᠃ | ᠪᠦᠬᠦ ᠠᠶᠢᠮᠠᠭ ᠤᠨ ᠵᠠᠯᠠᠭᠤ ᠪᠠᠭᠠᠴᠤᠳ ᠲᠠᠷᠢᠶ᠎ᠠ ᠲᠠᠷᠢᠬᠤ᠂ ᠵᠢᠮᠢᠰ ᠲᠡᠭᠦᠬᠦ᠂ ᠪᠤᠳᠠᠰ ᠤᠨ ᠪᠤᠰᠤ | ᠰᠤᠶᠤᠯ ᠤᠨ ᠦᠪ ᠢ ᠤᠯᠠᠮᠵᠢᠯᠠᠬᠤ ᠵᠡᠷᠭᠡ ᠠᠵᠢᠯᠯᠠᠭ᠎ᠠ ᠳᠤ ᠪᠡᠶᠡᠴᠢᠯᠡᠨ ᠣᠷᠣᠯᠴᠠᠵᠤ᠂ ᠬᠥᠳᠡᠯᠮᠦᠷᠢ ᠶᠢᠨ ᠵᠣᠪᠠᠭᠤᠷᠢ | ᠵᠦᠳᠡᠭᠦᠷᠢ ᠪᠠ ᠪᠠᠶᠠᠷ ᠪᠠᠶᠠᠰᠤᠯ ᠢ ᠤᠶᠢᠯᠠᠭᠠᠬᠰᠠᠨ ᠪᠦᠭᠡᠳ ᠮᠦᠽᠧᠢ᠂ ᠳᠤᠷᠠᠰᠬᠠᠯ ᠤᠨ ᠣᠷᠳᠣᠨ᠂ ᠲᠠᠯ᠎ᠠ ᠨᠤᠲᠤᠭ | ᠵᠡᠷᠭᠡ ᠭᠠᠵᠠᠷ ᠢᠶᠠᠷ ᠲᠣᠭᠤᠷᠢᠨ ᠵᠢᠭᠤᠯᠴᠢᠯᠠᠵᠤ᠂ ᠬᠢᠩᠭᠠᠨ ᠠᠶᠢᠮᠠᠭ ᠤᠨ ᠲᠡᠦᠬᠡ ᠰᠣᠶᠣᠯ ᠢ ᠣᠶᠢᠯᠠᠭᠠᠨ᠂ | ᠰᠣᠶᠣᠯ ᠤᠨ ᠢᠲᠡᠭᠡᠯ ᠢᠶᠠᠨ ᠪᠠᠳᠤᠳᠬᠠᠨ᠂ ᠬᠢᠩᠭᠠᠨ ᠠᠶᠢᠮᠠᠭ ᠤᠨ ᠤᠢ ᠰᠢᠭᠤᠢ᠂ ᠲᠠᠯ᠎ᠠ ᠨᠤᠲᠤᠭ᠂ ᠭᠠᠵᠠᠷ ᠤᠨ | ᠭᠠᠳᠠᠷᠭᠤ ᠶᠢᠨ ᠲᠤᠬᠠᠢ ᠤᠶᠢᠯᠠᠭᠠᠯᠲᠠ ᠪᠠᠨ ᠨᠡᠮᠡᠭᠳᠡᠭᠦᠯᠵᠠᠢ᠃ | ᠬᠢᠩᠭᠠᠨ ᠠᠶᠢᠮᠠᠭ ᠤᠨ ᠰᠤᠳᠤᠯᠤᠨ ᠰᠤᠷᠤᠯᠴᠠᠬᠤ ᠦᠢᠯᠡᠳᠦᠯᠭᠡ ᠬᠦ᠋ᠮᠦᠵᠢᠯ ᠤᠨ ᠠᠵᠢᠯᠯᠠᠭ᠎ᠠ ᠨᠢ | ᠤᠯᠤᠰ ᠤᠨ ᠵᠢᠭᠤᠯᠴᠢᠯᠡᠯ ᠪᠣᠯᠤᠨ ᠬᠡᠪ ᠴᠢᠨᠠᠷ ᠤᠨ ᠰᠤᠷᠭᠠᠨ ᠬᠥᠮᠦᠵᠢᠯ ᠤᠨ ᠠᠭᠤᠰᠤᠯᠴᠠᠯ ᠤᠨ ᠲᠤᠬᠠᠢ | ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠲᠠᠭᠠᠵᠦ ᠪᠠᠶᠢᠭ᠎ᠠ ᠶᠠᠪᠤᠳᠠᠯ ᠪᠣᠯᠤᠨ᠎ᠠ᠃ ᠮᠥᠨᠴᠦ ᠬᠢᠩᠭᠠᠨ | ᠠᠶᠢᠮᠠᠭ ᠤᠨ ᠰᠣᠶᠣᠯ ᠵᠢᠭᠤᠯᠴᠢᠯᠡᠯ ᠤᠨ ᠠᠵᠤ ᠦᠢᠯᠡᠰ ᠪᠣᠯᠤᠨ ᠰᠤᠷᠭᠠᠨ ᠬᠥᠮᠦᠵᠢᠯ ᠤᠨ ᠦᠢᠯᠡᠰ ᠤᠨ ᠭᠦᠨᠵᠡᠭᠡᠢ | ᠠᠭᠤᠰᠤᠯᠴᠠᠯ ᠤᠨ ᠪᠣᠳᠠᠲᠠᠢ ᠢᠯᠡᠷᠡᠯ ᠪᠣᠯᠤᠨ᠎ᠠ᠃ ᠠᠵᠢᠯᠯᠠᠭ᠎ᠠ ᠶᠢᠨ ᠭᠦᠨᠵᠡᠭᠡᠶᠢᠷᠠᠭᠦ ᠶᠢ ᠳᠠᠭᠠᠯᠳᠤᠨ ᠡᠯ᠎ᠠ ᠭᠠᠵᠠᠷ ᠤᠨ | ᠵᠢᠭᠤᠯᠴᠢᠯᠠᠭᠴᠢᠳ ᠬᠢᠩᠭᠠᠨ ᠠᠶᠢᠮᠠᠭ ᠢᠶᠠᠷ ᠵᠢᠭᠤᠯᠴᠢᠯᠡᠵᠦ᠂ ᠬᠢᠨᠭ᠍ᠭᠠᠨ ᠤ ᠪᠠᠶᠢᠭᠠᠯᠢ ᠶᠢᠨ ᠭᠤᠸ᠎ᠠ ᠰᠠᠶᠢᠬᠠᠨ ᠪᠠ | ᠲᠠᠯ᠎ᠠ ᠨᠤᠲᠤᠭ ᠤᠨ ᠰᠤᠶᠤᠯ᠂ ᠬᠤᠪᠢᠰᠬᠠᠯᠲᠦ ᠰᠤᠶᠤᠯ ᠢ ᠨᠡᠩ ᠰᠠᠶᠢᠳᠤᠷ ᠤᠶᠢᠯᠠᠭᠠᠵᠦ ᠪᠠᠶᠢᠨ᠎ᠠ᠃ | ᠬᠢᠩᠭᠠᠨ ᠠᠶᠢᠮᠠᠭ᠂ ᠠᠶᠢᠮᠠᠭ ᠤᠨ ᠳᠣᠲᠣᠨ᠎ᠠ ᠭᠠᠳᠠᠨᠠᠬᠢ ᠵᠠᠯᠠᠭᠤᠴᠤᠳ ᠪᠠᠭᠠᠴᠤᠳ ᠤᠨ ︽ᠰᠤᠷᠭᠠᠨ | ᠬᠥᠮᠦᠵᠢᠯ + ᠵᠢᠭᠤᠯᠴᠢᠯᠠᠯ︾ ᠳᠤ ᠵᠤᠬᠢᠴᠠᠬᠰᠠᠨ ᠦᠢᠯᠡᠳᠬᠦᠨ ᠢ ᠬᠠᠮᠲᠤᠪᠠᠷ ᠨᠡᠭᠡᠭᠡᠨ᠂ ᠲᠠᠰᠤᠷᠠᠯᠲᠠ ᠥᠬᠡᠶ | ᠰᠦᠪᠡᠭᠴᠢᠯᠡᠨ ᠰᠢᠨ᠎ᠡ ᠶᠢ ᠡᠭᠦᠳᠴᠦ᠂ ᠥᠷᠭᠡᠨ ᠣᠯᠠᠨ ᠵᠠᠯᠠᠭᠤ ᠪᠠᠭᠠᠴᠤᠳ ᠲᠤ ᠰᠢᠯᠢᠳᠡᠭ ᠰᠤᠳᠤᠯᠤᠨ | ᠰᠤᠷᠤᠯᠴᠠᠬᠤ ᠦᠢᠯᠡᠳᠦᠯᠭᠡ ᠬᠥᠮᠦᠵᠢᠯ ᠤᠨ ᠠᠵᠠ ᠲᠣᠬᠢᠶᠠᠯ ᠢ ᠬᠠᠩᠭᠠᠵᠤ᠂ ᠬᠢᠩᠭᠠᠨ ᠠᠶᠢᠮᠠᠭ ᠤᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠴᠡᠴᠡᠭᠯᠡᠯᠳᠡ ᠪᠠ ᠬᠥᠭᠵᠢᠯᠳᠡ ᠳᠤ ᠰᠢᠨ᠎ᠡ ᠬᠦᠴᠦᠨ ᠴᠢᠳᠠᠯ ᠢᠶᠠᠨ ᠨᠡᠮᠡᠷᠢᠯᠡᠵᠥ | ᠪᠠᠶᠢᠨ᠎ᠠ᠃ ︵ᠯᠢᠶᠠᠨ ᠪᠤᠤ︶ | | | | | |