| ᠬᠢᠩᠭᠠᠨ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠶᠢᠨ ᠲᠠᠮᠢᠷ ᠤᠨ | ᠴᠤᠭᠯᠠᠭᠠᠨ ᠳᠡᠭᠡᠷ᠎ᠡ᠂ ᠲᠦᠴᠢᠦᠸᠠᠨ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠬᠡᠦᠬᠡᠳ ᠤᠳ ︽ | ᠭᠠᠯᠲᠤ ᠬᠦᠷᠳᠦ︾ ᠬᠢᠰᠬᠢᠨ ᠳᠠᠯᠠᠪᠠᠢ ᠳᠤ ᠤᠷᠤᠭᠰᠠᠨ ᠨᠢ ᠬᠥᠮᠥᠰ ᠲᠤ ᠰᠢᠨ᠎ᠡ ᠰᠡᠪᠡᠭᠦᠨ ᠰᠠᠨᠠᠭᠳᠠᠵᠤ ᠪᠠᠶᠢᠯ᠎ᠠ᠃ | ᠭᠠᠯᠳᠤ ᠬᠦᠷᠳᠦ ᠬᠢᠰᠬᠢᠨ ᠨᠠᠭᠠᠰᠢ ᠴᠠᠭᠠᠰᠢ ᠰᠦᠯᠵᠢᠯᠳᠦᠭᠰᠡᠨ ᠬᠦᠩᠭᠡᠨ ᠱᠠᠯᠠᠮᠠᠭᠠᠢ ᠬᠦᠳᠡᠯᠦᠯ ᠨᠢ ᠬᠡᠦᠬᠡᠳ ᠤᠨ | ᠪᠡᠶ᠎ᠠ ᠶᠢᠨ ᠳᠠᠮᠢᠷ ᠤᠨ ᠤᠷ᠎ᠠ ᠮᠡᠷᠬᠡᠵᠢᠯ ᠢ ᠭᠠᠶᠢᠬᠠᠭᠤᠯᠤᠨ᠎ᠠ ᠁ ᠲᠤᠰ ᠴᠡᠴᠡᠷᠯᠢᠭ 2018 ᠣᠨ ᠠᠴᠠ ᠡᠬᠢᠯᠡᠨ | ᠪᠡᠶ᠎ᠡ ᠪᠠᠨ ᠳᠠᠭᠠᠭᠠᠵᠤ ᠨᠠᠭᠠᠳᠴᠤ ᠳᠤᠭᠯᠠᠬᠤ ᠶᠢ ᠬᠡᠷᠡᠭᠵᠢᠭᠦᠯᠦᠭᠰᠡᠨ ᠠᠴᠠ ᠨᠠᠭᠠᠰᠢ᠂ ᠬᠡᠦᠬᠡᠳ ᠤᠳ ᠡᠳᠦᠷ ᠪᠦᠷᠢ | ᠬᠡᠷ ᠤᠨ ᠭᠠᠳᠠᠨ᠎ᠠ 2 ᠴᠠᠭ ᠬᠦᠳᠡᠯᠬᠡᠬᠡᠨ ᠬᠢᠬᠦ ᠪᠤᠯᠪᠠ᠃ | 2018 ᠣᠨ ᠳᠤ᠂ ᠬᠢᠩᠭᠠᠨ ᠠᠶᠢᠮᠠᠭ ᠤᠨ ᠬᠢᠨ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠨ᠂ | ᠪᠥᠬᠦ ᠣᠷᠣᠨ ᠤ ᠬᠡᠪᠴᠢᠶᠡᠨ ᠳᠤ ︽ᠠᠨ ᠵᠶᠢ ᠲᠣᠭᠯᠠᠭᠠᠮ︾ ᠢᠶᠠᠷ ᠰᠤᠳᠤᠯᠭᠠᠨ ᠤ ᠰᠠᠭᠤᠷᠢ ᠪᠣᠯᠭᠠᠭᠰᠠᠨ᠂ | ᠬᠡᠦᠬᠡᠳ ᠤᠨ ᠪᠡᠶ᠎ᠡ ᠪᠠᠨ ᠳᠠᠭᠠᠭᠠᠵᠤ ᠨᠠᠭᠠᠳᠴᠤ ᠰᠤᠷᠤᠯᠴᠠᠵᠤ ᠠᠮᠢᠳᠤᠷᠠᠬᠤ ᠪᠠᠷ ᠴᠢᠭᠯᠡᠯ ᠪᠣᠯᠭᠠᠭᠰᠠᠨ ᠬᠡᠦᠬᠡᠳ ᠤᠨ | ᠴᠡᠴᠡᠷᠯᠢᠭ ᠤᠨ ᠬᠢᠴᠢᠶᠡᠯ ᠤᠨ ᠥᠭᠡᠷᠡᠴᠢᠯᠡᠯᠲᠡ ᠶᠢ ᠲᠦᠷᠦᠬᠦᠯᠡᠨ ᠡᠬᠢᠯᠡᠭᠦᠯᠵᠦ᠂ ᠰᠢᠨᠵᠢᠯᠡᠬᠦ ᠤᠬᠠᠭᠠᠨᠴᠢ ᠰᠤᠷᠭᠠᠨ | ᠬᠥᠮᠦᠵᠢᠯ ᠤᠨ ᠦᠵᠡᠯᠲᠡ᠂ ᠬᠡᠦᠬᠡᠳ ᠤᠨ ᠦᠵᠡᠯᠲᠡ ᠪᠠ ᠬᠢᠴᠢᠶᠡᠯ ᠤᠨ ᠦᠵᠡᠯᠲᠡ ᠶᠢ ᠪᠠᠷᠢᠮᠲᠠᠯᠠᠵᠤ᠂ | ᠬᠡᠦᠬᠡᠳ ᠤᠨ ᠴᠡᠴᠡᠷᠯᠢᠭ ᠤᠨ ᠠᠭᠤᠯᠤᠭᠳᠠᠬᠤᠨ ᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠪᠠ᠃ | ᠣᠶᠢᠷ᠎ᠠ ᠶᠢᠨ ᠵᠢᠯ ᠤᠳ ᠲᠤ᠂ ᠬᠢᠩᠭᠠᠨ ᠠᠶᠢᠮᠠᠭ ᠤᠨ ᠬᠢᠨ ︽ᠬᠡᠦᠬᠡᠳ ᠤᠨ ᠴᠡᠴᠡᠷᠯᠢᠭ ᠤᠨ ᠬᠢᠴᠢᠶᠡᠯ ᠤᠨ | ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠵᠡᠷᠭᠡ ᠪᠢᠴᠢᠭ ᠮᠠᠲ᠋ᠧᠷᠢᠶᠠᠯ | ᠨᠡᠶᠢᠲᠡᠯᠡᠵᠦ᠂ ᠬᠡᠦᠬᠡᠳ ᠤᠨ ᠴᠡᠴᠡᠷᠯᠢᠭ ᠢ ᠬᠥᠲᠥᠯᠥᠨ ᠵᠢᠯᠤᠭᠤᠳᠴᠤ ᠪᠠᠶᠢᠭᠠᠳ ᠬᠢᠴᠢᠶᠡᠯ ᠲᠦᠷᠦᠯ ᠤᠨ | ᠮᠡᠳᠡᠯᠭᠡ ᠶᠢᠨ ᠬᠥᠮᠦᠵᠢᠯ ᠢ ᠴᠢᠬᠤᠯᠠᠴᠢᠯᠠᠵᠤ ᠪᠠᠶᠢᠭᠰᠠᠨ ᠠᠴᠠ ᠨᠢ ᠬᠦᠮᠦᠨ ᠪᠤᠯᠬᠤ ᠶᠢᠨ ᠬᠦᠮᠦᠵᠢᠯ᠂ | ᠰᠡᠳᠬᠢᠯᠭᠡ ᠶᠢᠨ ᠬᠥᠮᠦᠵᠢᠯ ᠢ ᠴᠢᠬᠤᠯᠠᠴᠢᠯᠠᠬᠤ ᠳᠠᠶᠢᠰᠢ ᠬᠤᠪᠢᠷᠠᠭᠤᠯᠤᠭᠰᠠᠨ ᠪᠠᠶᠢᠨ᠎ᠠ᠃ 2021 ᠣᠨ ᠠᠴᠠ | ᠣᠲᠣ ᠪᠣᠯᠲᠠᠯ᠎ᠠ᠂ ᠬᠢᠩᠭᠠᠨ ᠠᠶᠢᠮᠠᠭ ᠨᠡᠶᠢᠲᠡ 1204 ᠲᠦᠮᠡᠨ ᠲᠥᠭᠦᠷᠢᠭ ᠤᠨ ︽ᠪᠡᠶ᠎ᠡ ᠪᠠᠨ ᠳᠠᠭᠠᠭᠠᠭᠰᠠᠨ | ᠲᠣᠭᠯᠠᠭᠠᠮ︾ ᠤᠨ ᠰᠤᠷᠭᠠᠨ ᠬᠥᠮᠦᠵᠢᠯ ᠤᠨ ᠬᠡᠪ ᠵᠠᠭᠪᠤᠷ ᠢ ᠳᠡᠯᠭᠡᠷᠡᠭᠦᠯᠬᠦ ᠲᠤᠰᠬᠠᠢ ᠪᠡᠯᠡ ᠮᠥᠩᠭᠦ ᠣᠯᠵᠤ᠂ | ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠡᠷᠦᠩᠬᠡᠶᠢᠯᠡᠭᠰᠡᠨ ᠰᠢᠯᠭᠠᠨ ᠦᠨᠡᠯᠡᠯᠲᠡ ᠪᠠᠷ ᠳᠡᠮᠵᠢᠨ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ ᠴᠢᠳᠠᠬᠤ ᠲᠤᠷᠰᠢᠯᠲᠠ ᠶᠢᠨ ᠴᠡᠴᠡᠷᠯᠢᠭ ᠲᠤ | ᠵᠢᠱᠢᠶ᠎ᠡ ᠦᠵᠡᠭᠦᠯᠬᠦ ᠴᠢᠨᠠᠷᠲᠠᠢ ᠬᠥᠬᠢᠭᠦᠯᠦᠯ ᠱᠠᠩᠨᠠᠯ ᠣᠯᠭᠤᠵᠤ᠂ ᠡᠭᠦᠨ ᠢᠶᠠᠷ ᠡᠯ᠎ᠡ ᠱᠠᠲᠤᠨ ᠤ ᠡᠯ᠎ᠡ ᠲᠥᠷᠥᠯ ᠤᠨ | ᠬᠡᠦᠬᠡᠳ ᠤᠨ ᠴᠡᠴᠡᠷᠯᠢᠭ ᠤᠨ ᠰᠢᠯᠢᠳᠡᠭ ᠪᠣᠯᠬᠤ ᠪᠠᠷ ᠴᠢᠷᠮᠠᠶᠢᠵᠤ ᠲᠡᠷᠢᠭᠦᠨ ᠤ ᠬᠢ ᠶᠢ ᠡᠭᠦᠳᠬᠦ ᠶᠢ ᠤᠷᠮᠠᠰᠢᠭᠤᠯᠤᠨ | ᠵᠣᠷᠢᠭᠵᠢᠭᠤᠯᠵᠤ᠂ ᠬᠡᠦᠬᠡᠳ ᠤᠨ ᠴᠡᠴᠡᠷᠯᠢᠭ ᠤᠨ ᠬᠢᠴᠢᠶᠡᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠪᠠ᠃ | ᠲᠦᠴᠢᠦᠸᠠᠨ ᠰᠢᠶᠠᠨ ᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠵᠠᠬᠢᠷᠤᠯ ᠯᠧᠩ ᠰᠢᠦᠧᠠᠢ ᠵᠦᠸᠧ᠄ | ︽ᠮᠠᠨ ᠤ ᠴᠡᠴᠡᠷᠯᠢᠭ ᠪᠣᠯ ᠪᠦᠬᠦ ᠠᠶᠢᠮᠠᠭ ᠤᠨ ᠠᠩᠬᠠᠨ ᠤ ᠪᠦᠯᠦᠭ ᠤᠨ ᠠᠨ ᠵᠶᠢ ᠲᠣᠭᠯᠠᠭᠠᠮ ᠤᠨ | ᠦᠢᠯᠡᠳᠦᠯᠭᠡ ᠶᠢᠨ ᠬᠡᠦᠬᠡᠳ ᠤᠨ ᠴᠡᠴᠡᠷᠯᠢᠭ ᠪᠣᠯᠣᠨ᠎ᠠ᠂ ᠬᠢᠴᠢᠶᠡᠯ ᠤᠨ ᠥᠭᠡᠷᠡᠴᠢᠯᠡᠯᠲᠡ ᠬᠢᠭᠰᠡᠨ ᠤ ᠳᠠᠷᠠᠭ᠎ᠠ ᠶᠡᠭᠡ | ᠰᠢᠨ᠎ᠡ ᠬᠤᠪᠢᠷᠠᠯᠲᠠ ᠲᠠᠢ᠂ ᠢᠯᠠᠩᠭᠤᠶ᠎ᠠ ᠳᠡᠭᠡᠳᠦ ᠱᠠᠲᠤᠨ ᠠᠴᠠ ᠪᠠᠭᠤᠯᠭᠠᠭᠰᠠᠨ ᠲᠤᠰᠬᠠᠢ ᠪᠡᠯᠡ ᠮᠥᠩᠭᠦ ᠪᠠᠷ | ᠲᠣᠭᠯᠠᠭᠠᠮ ᠤᠨ ᠬᠡᠷᠡᠭᠰᠡᠯ ᠢᠶᠠᠨ ᠪᠠᠶᠠᠯᠢᠭᠵᠢᠭᠤᠯᠵᠤ᠂ ᠲᠣᠭᠯᠠᠭᠠᠮᠴᠢᠯᠠᠭᠰᠠᠨ ᠬᠢᠴᠢᠶᠡᠯ ᠤᠨ ᠪᠠᠶᠢᠭᠤᠯᠤᠯᠲᠠ ᠨᠡᠩ | ᠪᠦᠬᠦ ᠲᠠᠯ᠎ᠠ ᠶᠢᠨ ᠪᠣᠯᠵᠤ᠂ ᠬᠡᠦᠬᠡᠳ ᠤᠨ ᠴᠢᠷᠠᠢ ᠳᠤ ᠢᠨᠢᠶᠡᠳᠦ ᠬᠦᠷ ᠳᠤᠳᠤᠷᠠᠵᠤ ᠨᠡᠩ ᠪᠠᠶᠠᠷ ᠪᠠᠶᠠᠰᠬᠤᠯᠠᠩ ᠲᠠᠢ | ᠰᠤᠷᠤᠯᠴᠠᠬᠤ ᠪᠤᠯᠪᠠ︾ ᠭᠡᠵᠦ ᠬᠡᠯᠡᠪᠡ᠃ | ᠣᠲᠤᠬᠠᠨ ᠪᠣᠯᠲᠠᠯ᠎ᠠ᠂ ᠬᠢᠩᠭᠠᠨ ᠠᠶᠢᠮᠠᠭ ᠲᠤ ᠥᠪᠡᠷᠲᠡᠭᠡᠨ ᠵᠠᠰᠠᠬᠤ ᠣᠷᠣᠨ ᠠᠴᠠ ᠰᠢᠯᠢᠨ ᠰᠣᠩᠭᠤᠵᠤ | ᠦᠨᠡᠯᠡᠨ ᠲᠣᠭᠲᠠᠭᠠᠭᠰᠠᠨ ᠤᠷᠤᠨ ᠤ ᠳᠡᠰ ᠤᠨ ᠠᠨ ᠵᠶᠢ ᠲᠣᠭᠯᠠᠭᠠᠮ ᠤᠨ ᠦᠢᠯᠡᠳᠦᠯᠭᠡ ᠶᠢᠨ ᠬᠡᠦᠬᠡᠳ ᠤᠨ | ᠴᠡᠴᠡᠷᠯᠢᠭ 17᠂ ᠤᠷᠤᠨ ᠤ ᠲᠠᠰ ᠤᠨ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ | ᠲᠤᠷᠰᠢᠯᠲᠠ ᠶᠢᠨ ᠲᠣᠭᠤᠷᠢᠭ 1᠂ ᠬᠡᠦᠬᠡᠳ ᠤᠨ ᠴᠡᠴᠡᠷᠯᠢᠭ ᠪᠠ ᠪᠠᠭ᠎ᠠ ᠰᠤᠷᠭᠠᠭᠤᠯᠢ ᠶᠢ ᠵᠣᠯᠭᠠᠭᠤᠯᠬᠤ | ᠦᠢᠯᠡᠳᠦᠯᠭᠡ ᠶᠢᠨ ᠴᠡᠴᠡᠷᠯᠢᠭ ︵ᠰᠤᠷᠭᠠᠭᠤᠯᠢ︶ 6 ᠳᠤᠭᠤᠶᠢᠯᠠᠩ ᠪᠠᠶᠢᠵᠤ᠂ ᠪᠥᠬᠦ ᠠᠶᠢᠮᠠᠭ ᠲᠤ ᠠᠨ ᠵᠶᠢ | ᠲᠣᠭᠯᠠᠭᠠᠮ ᠤᠨ ᠣᠶᠢᠯᠠᠭᠠᠭᠳᠠᠬᠤᠨ ᠢ ᠦᠢᠯᠡᠳᠦᠯᠭᠡᠵᠢᠭᠦᠯᠦᠭᠰᠡᠨ ᠬᠡᠦᠬᠡᠳ ᠤᠨ ᠴᠡᠴᠡᠷᠯᠢᠭ ᠨᠢᠭᠡᠨᠲᠡ 175 ᠪᠣᠯᠵᠤ᠂ | ᠦᠨᠳᠦᠰᠦᠨ ᠳᠡᠭᠡᠨ ᠤᠷᠤᠨ ᠠᠶᠢᠮᠠᠭ ᠵᠢᠴᠢ ᠬᠤᠰᠢᠭᠤ ᠰᠢᠶᠠᠨ ᠬᠤᠲᠠ ᠶᠢᠨ ᠲᠠᠰ ᠤᠨ ᠵᠢᠱᠢᠶ᠎ᠡ ᠦᠵᠡᠭᠦᠯᠬᠦ | ᠴᠡᠴᠡᠷᠯᠢᠭ ᠢ ᠬᠠᠮᠤᠷᠪᠠ᠃ | 2020 ᠣᠨ ᠠᠴᠠ ᠡᠬᠢᠯᠡᠨ᠂ ᠠᠨ ᠵᠶᠢ ᠬᠡᠦᠬᠡᠳ ᠤᠨ ᠰᠤᠷᠭᠠᠨ ᠬᠥᠮᠦᠵᠢᠯ ᠤᠨ ᠰᠤᠳᠤᠯᠭᠠᠨ ᠤ | ᠲᠥᠪ ᠤᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠦᠷᠢᠶᠡᠨ ᠳᠠᠬᠢ ᠨᠠᠷᠠᠲᠤ | ᠲᠥᠷᠥᠯ ᠲᠡᠮᠳᠡᠭᠲᠦ ᠶᠢᠨ ᠳᠠᠪᠠᠭᠤᠯᠢᠭ ᠪᠠ ᠪᠣᠯᠪᠠᠰᠤᠷᠠᠯ ᠤᠨ ᠡᠬᠢ ᠪᠠᠶᠠᠯᠢᠭ ᠢ ᠠᠰᠢᠭᠯᠠᠨ᠂ ᠬᠢᠩᠭᠠᠨ ᠠᠶᠢᠮᠠᠭ ᠤᠨ | ᠨᠡᠶᠢᠲᠡ 175 ᠪᠦᠯᠦᠭ ᠠᠨ ᠵᠶᠢ ᠲᠣᠭᠯᠠᠭᠠᠮ ᠤᠨ ᠦᠢᠯᠡᠳᠦᠯᠭᠡ ᠶᠢᠨ ᠴᠡᠴᠡᠷᠯᠢᠭ ᠤᠨ ᠮᠢᠩᠭ᠎ᠠ ᠰᠢᠬᠠᠮ | ᠭᠤᠣᠯᠯᠠᠭᠴᠢ ᠪᠠᠭᠰᠢ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠵᠠᠢ᠃ ᠡᠭᠦᠨ ᠠᠴᠠ ᠭᠠᠳᠠᠨ᠎ᠠ᠂ ᠬᠢᠩᠭᠠᠨ | ᠠᠶᠢᠮᠠᠭ ᠤᠨ ᠰᠤᠷᠭᠠᠨ ᠬᠥᠮᠦᠵᠢᠯ ᠤᠨ ᠲᠣᠪᠴᠢᠶ᠎ᠠ ᠣᠯᠠᠨ ᠵᠢᠯ ᠳᠠᠷᠠᠭᠠᠯᠠᠨ ᠪᠦᠬᠦ ᠠᠶᠢᠮᠠᠭ ᠤᠨ ᠬᠡᠦᠬᠡᠳ ᠤᠨ | ᠴᠡᠴᠡᠷᠯᠢᠭ ᠤᠨ ᠬᠢᠴᠢᠶᠡᠯ ᠤᠨ ᠥᠭᠡᠷᠡᠴᠢᠯᠡᠯᠲᠡ ᠶᠢ ᠠᠬᠢᠭᠤᠯᠬᠤ ᠬᠤᠷᠠᠯ ᠬᠤᠷᠠᠯᠳᠤᠭᠤᠯᠬᠤ ᠪᠠᠷ ᠳᠡᠮᠵᠢᠨ᠂ ᠪᠥᠬᠦ | ᠠᠶᠢᠮᠠᠭ ᠤᠨ ᠬᠡᠦᠬᠡᠳ ᠤᠨ ᠴᠡᠴᠡᠷᠯᠢᠭ ᠤᠨ ᠪᠠᠭᠰᠢ ᠶᠢᠨ ︽ᠬᠡᠦᠬᠡᠳ ᠤᠨ ᠠᠪᠢᠶᠠᠰ ᠢ ᠢᠯᠡᠷᠡᠭᠦᠯᠬᠦ︾ ᠲᠤᠰᠬᠠᠢ | ᠮᠡᠷᠭᠡᠵᠢᠯ ᠤᠨ ᠤᠷ᠎ᠠ ᠴᠢᠳᠠᠪᠤᠷᠢ ᠪᠠ ᠬᠡᠦᠬᠡᠳ ᠤᠨ ᠴᠡᠴᠡᠷᠯᠢᠭ ᠤᠨ ᠣᠷᠴᠢᠨ ᠲᠣᠭᠤᠷᠢᠨ ᠤ ᠮᠠᠲ᠋ᠧᠷᠢᠶᠠᠯ ᠳᠤ | ᠲᠣᠬᠢᠷᠠᠭᠤᠯᠤᠯᠲᠠ ᠬᠢᠭᠰᠡᠨ ᠬᠡᠷᠡᠭ ᠤᠨ ᠵᠢᠱᠢᠶ᠎ᠡ ᠶᠢ ᠤᠯᠠᠨ ᠤᠳᠠᠭ᠎ᠠ ᠠᠳᠠᠯᠢᠳᠬᠠᠨ ᠰᠢᠯᠭᠠᠷᠠᠭᠤᠯᠵᠤ᠂ | ᠴᠡᠴᠡᠷᠯᠢᠭ ᠤᠨ ᠵᠠᠬᠢᠷᠤᠯ ᠪᠠ ᠪᠠᠭᠰᠢ ᠶᠢ ᠵᠣᠬᠢᠶᠠᠨ ᠪᠠᠶᠢᠭᠤᠯᠤᠨ ᠠᠨ ᠵᠶᠢ᠂ ᠱᠠᠩᠬᠠᠢ ᠵᠡᠷᠭᠡ ᠭᠠᠵᠠᠷ ᠲᠤ | ᠣᠴᠢᠭᠤᠯᠤᠨ ᠲᠣᠭᠤᠷᠢᠨ ᠰᠤᠷᠤᠯᠴᠠᠭᠤᠯᠵᠤ᠂ ᠬᠤᠲᠠ ᠪᠠᠯᠭᠠᠰᠤ ᠶᠢᠨ ᠠᠯᠪᠠᠨ ᠠᠴᠠ ᠡᠷᠭᠢᠯᠡᠭᠰᠡᠨ ᠪᠣᠶ ᠪᠦᠬᠦᠢ | ᠬᠡᠦᠬᠡᠳ ᠤᠨ ᠴᠡᠴᠡᠷᠯᠢᠭ ᠤᠨ ᠬᠠᠷᠢᠯᠴᠠᠨ ᠰᠤᠷᠤᠯᠴᠠᠵᠤ ᠬᠠᠷᠢᠯᠴᠠᠨ ᠦᠨᠡᠯᠡᠵᠦ ᠬᠠᠷᠢᠯᠴᠠᠨ ᠠᠳᠠᠯᠢᠳᠬᠠᠬᠤ | ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ᠂ ᠴᠡᠴᠡᠷᠯᠢᠭ ᠤᠨ ᠵᠠᠬᠢᠷᠤᠯ ᠪᠠ ᠪᠠᠭᠰᠢ ᠶᠢ ᠬᠠᠪᠰᠤᠷᠤᠨ ᠬᠢᠴᠢᠶᠡᠯ ᠤᠨ | ᠦᠵᠡᠯᠲᠡ ᠶᠢ ᠨᠢ ᠬᠤᠪᠢᠷᠠᠭᠤᠯᠵᠤ᠂ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠨᠢ ᠳᠡᠭᠡᠭᠰᠢᠯᠡᠭᠦᠯᠪᠡ᠃ | ︽ᠬᠢᠴᠢᠶᠡᠯ ᠤᠨ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠴᠠ ᠨᠠᠭᠠᠰᠢ᠂ ᠴᠡᠴᠡᠷᠯᠢᠭ ᠤᠨ ᠵᠠᠬᠢᠷᠤᠯ | ᠪᠣᠯᠣᠨ ᠪᠠᠭᠰᠢ ᠨᠠᠷ ᠲᠣᠭᠯᠠᠭᠠᠮ ᠤᠨ ᠦᠨ᠎ᠡ ᠥᠷᠲᠡᠭ ᠪᠣᠯᠣᠨ ᠠᠴᠢ ᠬᠤᠯᠪᠣᠭᠳᠠᠯ ᠤᠨ ᠲᠠᠯ᠎ᠠ ᠪᠠᠷ ᠤᠯᠠᠮ | ᠭᠦᠨᠵᠡᠭᠡᠢ ᠲᠠᠨᠢᠯᠲᠠ ᠤᠶᠢᠯᠠᠭᠠᠯᠳᠠ ᠲᠠᠢ ᠪᠣᠯᠵᠤ ᠪᠠᠶᠢᠨ᠎ᠠ︾ ᠬᠡᠵᠦ ᠬᠢᠩᠭᠠᠨ ᠠᠶᠢᠮᠠᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠠᠯᠠᠭᠠᠨ ᠤ ᠬᠠᠷᠢᠭᠤᠴᠠᠯᠭᠠᠲᠠᠨ ᠹᠠᠨ | ᠴᠥᠩ ᠶᠠᠷᠢᠯ᠎ᠠ᠃ ᠳᠡᠷᠡ ᠵᠠᠯᠭᠠᠭᠠᠳ᠄ ︽ᠠᠨ ᠵᠶᠢ ᠲᠣᠭᠯᠠᠭᠠᠮ ᠪᠣᠯ ᠬᠡᠦᠬᠡᠳ ᠤᠨ ᠴᠡᠴᠡᠷᠯᠢᠭ ᠤᠨ ᠰᠤᠷᠭᠠᠨ | ᠬᠥᠮᠦᠵᠢᠯ ᠤᠨ ︿ᠪᠠᠭ᠎ᠠ ᠰᠤᠷᠭᠠᠭᠤᠯᠢᠴᠢᠯᠠᠬᠤ﹀ ᠬᠠᠨᠳᠤᠰᠢ ᠶᠢ ᠵᠠᠯᠠᠷᠠᠭᠤᠯᠬᠤ ᠪᠠ ᠰᠡᠷᠭᠡᠶᠢᠯᠡᠬᠦ᠂ ᠬᠡᠦᠬᠡᠳ ᠤᠨ ᠪᠥᠬᠦ | ᠲᠠᠯ᠎ᠠ ᠶᠢᠨ ᠬᠥᠭᠵᠢᠯᠲᠡ ᠶᠢ ᠠᠬᠢᠭᠤᠯᠬᠤ ᠨᠡᠯᠢᠶᠡᠳ ᠰᠠᠶᠢᠨ ᠰᠤᠷᠭᠠᠨ ᠬᠥᠮᠦᠵᠢᠯ ᠤᠨ ᠬᠡᠪ ᠵᠠᠭᠪᠤᠷ ᠪᠤᠯᠬᠤ ᠶᠢ | ᠣᠯᠠᠨ ᠢᠶᠠᠷ ᠢᠶᠠᠨ ᠭᠦᠨᠵᠡᠭᠡᠢ ᠣᠶᠢᠯᠠᠭᠠᠵᠤ ᠪᠠᠶᠢᠨ᠎ᠠ︾ ᠬᠡᠯ᠎ᠠ᠃ ᠡᠭᠦᠨ ᠠᠴᠠ ᠭᠠᠳᠠᠨ᠎ᠠ᠂ ᠬᠢᠩᠭᠠᠨ ᠠᠶᠢᠮᠠᠭ ᠪᠠᠰᠠ | ᠭᠠᠵᠠᠷ ᠣᠷᠣᠨ ᠤ ᠰᠣᠶᠣᠯ ᠤᠨ ᠣᠨᠴᠠᠯᠢᠭ ᠲᠠᠭᠠᠨ ᠲᠦᠰᠢᠭᠯᠡᠨ ᠰᠤᠷᠭᠠᠨ ᠬᠥᠮᠦᠵᠢᠯ ᠤᠨ ᠠᠭᠤᠯᠤᠭᠳᠠᠬᠤᠨ ᠢ | ᠲᠠᠰᠤᠷᠠᠯᠲᠠ ᠦᠭᠡᠢ ᠪᠠᠶᠠᠯᠢᠭᠵᠢᠭᠤᠯᠵᠤ ᠪᠤᠢ᠃ ᠬᠢᠴᠢᠶᠡᠯ ᠢᠶᠠᠨ ᠬᠡᠦᠬᠡᠳ ᠤᠨ ᠴᠡᠴᠡᠷᠯᠢᠭ ᠨᠢᠭᠡᠪᠦᠷᠢ ᠶᠢᠨ ᠣᠨᠴᠠᠯᠢᠭ | ᠪᠠ ᠬᠡᠦᠬᠡᠳ ᠤᠨ ᠬᠥᠭᠵᠢᠯᠲᠡ ᠳᠤ ᠵᠣᠬᠢᠴᠠᠭᠤᠯᠬᠤ ᠶᠢᠨ ᠲᠥᠯᠥᠭᠡ᠂ ᠡᠯ᠎ᠡ ᠴᠡᠴᠡᠷᠯᠢᠭ ᠤᠳ ᠤᠤᠯ ᠤᠨ | ᠬᠢᠴᠢᠶᠡᠯ ᠢᠶᠠᠨ ᠴᠡᠴᠡᠷᠯᠢᠭ ᠤᠨ ᠪᠠᠶᠢᠳᠠᠯ ᠲᠠᠢ ᠪᠠᠨ ᠤᠶᠠᠯᠳᠤᠭᠤᠯᠵᠤ ᠰᠤᠳᠤᠯᠭᠠᠨ ᠪᠠ ᠥᠭᠡᠷᠡᠴᠢᠯᠡᠯᠲᠡ ᠬᠢᠵᠦ᠂ | ᠪᠡᠶ᠎ᠡ ᠪᠠᠨ ᠳᠠᠭᠠᠭᠠᠭᠰᠠᠨ ᠲᠣᠭᠯᠠᠭᠠᠮ ᠳᠤ ᠰᠠᠭᠤᠷᠢᠯᠠᠨ ᠨᠠᠩ ᠡᠯᠪᠡᠭ ᠪᠠᠶᠠᠯᠢᠭ ᠬᠢᠴᠢᠶᠡᠯ ᠢ ᠪᠣᠶ ᠪᠣᠯᠭᠠᠵᠤ᠂ | ᠬᠡᠦᠬᠡᠳ ᠤᠨ ᠪᠡᠶ᠎ᠡ ᠰᠡᠳᠬᠢᠯ ᠤᠨ ᠬᠥᠭᠵᠢᠯᠲᠡ ᠶᠢᠨ ᠣᠨᠴᠠᠯᠢᠭ ᠲᠤ ᠲᠣᠬᠢᠷᠠᠭᠰᠠᠨ ᠮᠥᠷᠲᠡᠭᠡᠨ ᠬᠢᠩᠭᠠᠨ | ᠠᠶᠢᠮᠠᠭ ᠤᠨ ᠭᠠᠵᠠᠷ ᠣᠷᠣᠨ ᠤ ᠣᠨᠴᠠᠯᠢᠭ ᠲᠠᠢ ᠴᠡᠴᠡᠷᠯᠢᠭ ᠤᠨ ᠬᠢᠴᠢᠶᠡᠯ ᠤᠨ ᠰᠢᠰᠲ᠋ᠧᠮ ᠢ ᠪᠠᠶᠢᠭᠤᠯᠤᠭᠰᠠᠨ | ᠪᠠᠶᠢᠨ᠎ᠠ᠃ | ︽ᠥᠩᠭᠡᠷᠡᠭᠰᠡᠨ ᠳᠤ ᠪᠢᠳᠡ ᠨᠠᠷᠢᠨ ᠨᠢᠮᠪᠠᠢ ᠲᠥᠯᠥᠪᠯᠡᠭᠰᠡᠨ ᠬᠢᠴᠢᠶᠡᠯ ᠢᠶᠠᠷ ᠢᠶᠠᠨ ᠬᠡᠦᠬᠡᠳ ᠲᠤ ᠮᠡᠳᠡᠯᠭᠡ | ᠪᠠ ᠦᠢᠯᠡ ᠠᠵᠢᠯᠯᠠᠭᠠᠨ ᠤ ᠳᠦᠷᠢᠮᠵᠢᠯ ᠣᠯᠭᠤᠵᠤ ᠪᠠᠶᠢᠭᠰᠠᠨ ᠢᠶᠠᠨ ᠥᠭᠡᠷᠡᠴᠢᠯᠡᠯᠲᠡ ᠶᠢᠨ ᠳᠤᠮᠳᠠ ᠦᠵᠡᠯᠲᠡ ᠪᠠᠨ | ᠠᠭᠠᠵᠢᠮ ᠢᠶᠠᠷ ᠬᠤᠪᠢᠷᠠᠭᠤᠯᠵᠤ᠂ ︿ᠬᠡᠦᠬᠡᠳ ᠴᠢᠳᠠᠬᠤ ᠦᠭᠡᠢ᠂ ᠪᠣᠯᠬᠤ ᠦᠭᠡᠢ᠂ ᠪᠢᠳᠡ ᠬᠠᠮᠢᠶᠠᠷᠬᠤ ᠬᠡᠷᠡᠭᠲᠡᠢ᠂ | ᠵᠢᠭᠠᠬᠤ ᠬᠡᠷᠡᠭᠲᠡᠢ﹀ ᠭᠡᠰᠡᠨ ᠦᠵᠡᠯᠲᠡ ᠪᠠᠨ ᠲᠠᠶᠠᠭᠳᠠᠭᠠᠳ ᠬᠡᠦᠬᠡᠳ ᠤᠨ ᠳᠤᠷ᠎ᠠ ᠰᠣᠨᠢᠷᠬᠠᠯ ᠪᠠ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠨ ᠬᠢᠴᠢᠶᠡᠯ ᠢᠶᠠᠨ ᠪᠡᠯᠡᠳᠬᠡᠵᠦ᠂ ᠬᠡᠦᠬᠡᠳ ᠢ ᠭᠦᠨᠵᠡᠭᠡᠢ ᠰᠤᠷᠤᠯᠴᠠᠬᠤ ᠵᠠᠮ ᠳᠤ | ᠬᠥᠲᠥᠯᠥᠨ ᠣᠷᠣᠭᠤᠯᠵᠤ ᠪᠠᠶᠢᠨ᠎ᠠ︾ ᠭᠡᠵᠦ ᠬᠢᠩᠭᠠᠨ ᠠᠶᠢᠮᠠᠭ ᠤᠨ ᠬᠡᠦᠬᠡᠳ ᠤᠨ ᠴᠡᠴᠡᠷᠯᠢᠭ ᠤᠨ ᠪᠠᠭᠰᠢ ᠰᠦᠨ | ᠱᠤᠸᠠᠩ ᠭᠦᠨᠵᠡᠭᠡᠢ ᠣᠶᠢᠯᠠᠭᠠᠯᠲᠠ ᠲᠠᠢ ᠶᠠᠷᠢᠵᠤ ᠪᠠᠶᠢᠯ᠎ᠠ᠃ ︵ᠨᠠᠪᠴᠢ︶ | | | | |