ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠬᠡᠤᠬᠡᠳ ᠤᠨ ᠨᠢᠳᠤᠨ ᠬᠠᠷᠠᠭᠠᠨ ᠤ ᠡᠷᠡᠭᠦᠯ ᠮᠡᠨᠳᠤ ᠶᠢ ᠪᠠᠳᠤᠯᠠᠬᠤ ᠠᠵᠢᠯ ᠢ ᠰᠠᠶᠢᠳᠦᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2025/4/7
        ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠥᠮᠦᠵᠢᠯ ᠤᠨ ᠠᠭᠤᠷ ᠠᠮᠢᠰᠬᠤᠯ ᠢ ᠪᠣᠶ ᠪᠣᠯᠭᠠᠵᠤ᠂ ᠰᠤᠷᠤᠬᠴᠢᠳ ᠲᠤ ᠨᠢᠳᠤᠨ ᠬᠠᠷᠠᠭ᠎ᠠ ᠪᠠᠨ ᠰᠠᠶᠢᠳᠤᠷ ᠬᠠᠮᠠᠭᠠᠯᠠᠬᠤ ᠶᠢ ᠮᠡᠳᠡᠭᠦᠯᠬᠦ ᠪᠠᠷ ᠤᠶᠢᠷ᠎ᠠ ᠶᠢᠨ ᠡᠳᠦᠷ᠂ ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠡᠯ᠎ᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠰᠠᠷ᠎ᠠ ᠶᠢᠨ ᠠᠵᠢᠯᠯᠠᠭ᠎ᠠ ᠥᠷᠨᠢᠭᠦᠯᠪᠡ᠃        ᠤᠯᠠᠭᠠᠨᠬᠤᠳᠡ ᠶᠢᠨ ᠡᠯ᠎ᠡ ᠰᠤᠷᠭᠠᠭᠤᠯᠢ ︽ᠪᠦᠬᠦ ᠨᠡᠶᠢᠭᠡᠮ ᠢᠶᠠᠷ ᠢᠶᠠᠨ ᠬᠥᠳᠡᠯᠦᠯᠴᠡᠨ᠂ ᠬᠡᠦᠬᠡᠳ ᠤᠨ ᠨᠢᠳᠦ ᠶᠢ ᠰᠠᠶᠢᠲᠤᠷ ᠬᠠᠮᠠᠭᠠᠯᠠᠵᠤ᠂ ᠬᠡᠤᠬᠡᠳ ᠢ ᠭᠡᠭᠡᠨ ᠰᠠᠷᠠᠭᠤᠯ ᠢᠷᠡᠭᠡᠳᠦᠶ ᠲᠠᠢ ᠪᠣᠯᠭᠠᠬᠤ︾ ᠠᠵᠢᠯᠯᠠᠭ᠎ᠠ ᠥᠷᠨᠢᠬᠦᠯᠵᠦ᠂ ᠤᠬᠠᠭᠤᠯᠭ᠎ᠠ ᠶᠢᠨ ᠪᠤᠯᠤᠩ᠂ ᠭᠤᠤᠯ ᠰᠡᠳᠦᠪᠲᠦ ᠠᠩᠭᠢ ᠶᠢᠨ ᠬᠤᠷᠠᠯ᠂ ᠰᠤᠷᠭᠠᠭᠤᠯᠢ ᠶᠢᠨ ᠷᠠᠳᠢᠣ᠋ ᠨᠡᠪᠲᠡᠷᠡᠭᠦᠯᠭᠡ᠂ ᠡᠯᠧᠺᠲᠷᠣᠨ ᠳᠡᠯᠭᠡᠴᠡ ᠵᠡᠷᠭᠡ ᠶᠢ ᠠᠰᠢᠬᠯᠠᠨ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠢ ᠤᠬᠠᠭᠤᠯᠵᠦ᠂ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠲᠤᠬᠠᠢ ᠬᠥᠮᠦᠵᠢᠯ ᠬᠦᠷᠳᠡᠭᠡᠨ᠂ ᠨᠢᠳᠦᠨ ᠤ ᠡᠷᠡᠭᠦᠯ ᠮᠡᠨᠳᠦ ᠶᠢᠨ ᠴᠢᠬᠤᠯᠠ ᠴᠢᠨᠠᠷ ᠵᠢᠴᠢ ᠣᠶᠢᠷ᠎ᠠ ᠬᠠᠷᠠᠭ᠎ᠠ ᠶᠢᠨ ᠬᠤᠤᠷ ᠬᠥᠨᠥᠭᠡᠯ ᠢ ᠰᠤᠷᠤᠭᠴᠢᠳ ᠲᠤ ᠲᠠᠨᠢᠭᠤᠯᠵᠤ᠂ ᠨᠢᠳᠦ ᠪᠠᠨ ᠤᠬᠠᠮᠰᠡᠷ ᠠᠴᠠ ᠪᠠᠨ ᠬᠠᠶᠢᠷᠠᠯᠠᠵᠤ ᠨᠢᠳᠦ ᠪᠠᠨ ᠰᠠᠶᠢᠳᠤᠷ ᠬᠠᠮᠠᠭᠠᠯᠠᠬᠤ ᠶᠢ ᠮᠡᠳᠡᠭᠦᠯᠵᠠᠢ᠃        ᠤᠯᠠᠭᠠᠨᠬᠤᠳᠡ ᠶᠢᠨ ᠡᠯ᠎ᠡ ᠰᠤᠷᠭᠠᠭᠤᠯᠢ ᠡᠳᠦᠷ ᠪᠦᠷᠢ ᠨᠢᠳᠦᠨ ᠤ ᠡᠷᠡᠭᠦᠯᠵᠢᠯ ᠤᠨ ᠲᠠᠮᠢᠷ ᠢ ᠬᠤᠶᠠᠷ ᠤᠳᠠᠭ᠎ᠠ ᠬᠢᠬᠦ ᠲᠤᠬᠳᠡᠭᠠᠯ ᠢ ᠬᠡᠷᠡᠭᠵᠢᠭᠦᠯᠵᠦ᠂ ᠰᠤᠷᠤᠭᠴᠢᠳ ᠢ ᠰᠢᠨᠵᠢᠯᠡᠬᠦ ᠤᠬᠠᠭᠠᠨᠴᠢ ᠪᠠᠷ ᠨᠢᠳᠤ ᠪᠠᠨ ᠬᠠᠮᠠᠭᠠᠯᠠᠬᠤ ᠳᠠᠳᠬᠠᠯ ᠲᠠᠢ ᠪᠤᠯᠭᠠᠬᠤ ᠶᠢᠨ ᠳᠠᠭᠠᠤ ᠰᠤᠷᠤᠭᠴᠢᠳ ᠤᠨ ᠨᠢᠳᠦ ᠬᠡᠷᠡᠭᠯᠡᠬᠦ ᠣᠷᠴᠢᠨ ᠲᠣᠭᠤᠷᠢᠨ ᠢ ᠪᠠᠳᠤᠯᠠᠵᠠᠢ᠃ ᠡᠯ᠎ᠠ ᠰᠤᠷᠭᠠᠭᠤᠯᠢ ᠪᠠᠰᠠ ᠰᠤᠷᠤᠬᠴᠢᠳ ᠤᠨ ᠭᠠᠷ ᠤᠲᠠᠰᠤ ᠬᠡᠷᠡᠭᠯᠡᠬᠦ᠂ ᠳᠠᠰᠬᠠᠯ ᠬᠢᠬᠦ᠂ ᠨᠣᠮ ᠪᠢᠴᠢᠭ ᠦᠵᠡᠬᠦ᠂ ᠤᠨᠲᠠᠬᠤ᠂ ᠪᠡᠶ᠎ᠡ ᠮᠠᠬᠠᠪᠣᠳ ᠢᠶᠠᠨ ᠪᠤᠯᠪᠠᠰᠤᠷᠠᠬᠤ ᠵᠡᠷᠭᠡ ᠲᠠᠯ᠎ᠠ ᠪᠠᠷ ᠬᠢ ᠬᠠᠮᠢᠶᠠᠷᠤᠯᠲᠠ ᠶᠢ ᠴᠢᠩᠭᠠᠳᠬᠠᠵᠤ᠂ ᠬᠡᠷ ᠪᠦᠯᠢ ᠪᠠ ᠰᠤᠷᠭᠠᠭᠤᠯᠢ ᠶᠢᠨ ᠬᠠᠮᠵᠢᠯᠴᠠᠭ᠎ᠠ ᠶᠢ ᠨᠢᠬᠳᠠᠷᠠᠭᠤᠯᠵᠦ᠂ ᠰᠤᠷᠤᠭᠴᠢᠳ ᠤᠨ ᠬᠢᠴᠢᠶᠡᠯ ᠤᠨ ᠭᠠᠳᠠᠨᠠᠬᠢ ᠪᠣᠯᠪᠠᠰᠤᠷᠠᠯ ᠢ ᠴᠢᠩᠭᠠᠳᠬᠠᠵᠤ᠂ ᠬᠢᠴᠢᠶᠡᠯ ᠰᠤᠷᠤᠯᠭ᠎ᠠ ᠶᠢᠨ ᠳᠠᠷᠤᠭᠠᠰᠤ ᠶᠢ ᠨᠢ ᠬᠦᠡᠭᠭᠡᠷᠡᠭᠦᠯᠦᠨ᠂ ᠡᠯᠧᠺᠲᠷᠣᠨ ᠦᠢᠯᠡᠳᠬᠦᠨ ᠢ ᠬᠡᠷᠬᠢᠨ ᠵᠦᠶ ᠵᠣᠬᠢᠰᠲᠠᠶ ᠬᠡᠷᠡᠭᠯᠡᠬᠦ ᠶᠢ ᠮᠡᠳᠡᠭᠦᠯᠵᠠᠢ᠃        ᠤᠯᠠᠭᠠᠨᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠵᠢᠴᠢ ᠬᠠᠷᠠᠭ᠎ᠠ ᠶᠢ ᠰᠢᠭᠰᠢᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠣᠷᠣᠭᠴᠢ ᠶᠢᠨ ᠨᠢᠳᠤᠨ ᠬᠠᠷᠠᠭᠠᠨ ᠤ ᠲᠤᠬᠠᠢ ᠲᠠᠩᠰᠠ ᠡᠪᠬᠡᠮᠡᠯ ᠪᠠᠶᠢᠭᠤᠯᠵᠤ᠂ ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠰᠤᠷᠤᠯᠭ᠎ᠠ ᠶᠢᠨ ᠬᠤᠭᠤᠴᠠᠭ᠎ᠠ ᠪᠦᠷᠢ ᠨᠢᠳᠤᠨ ᠬᠠᠷᠠᠭᠠᠨ ᠤ ᠰᠢᠭᠰᠢᠨ ᠪᠠᠶᠢᠴᠠᠭᠠᠯᠲᠠ ᠶᠢ 2 ᠤᠳᠠᠭ᠎ᠠ ᠬᠢᠵᠦ᠂ ᠣᠶᠢᠷ᠎ᠠ ᠬᠠᠷᠠᠭ᠎ᠠ ᠶᠢ ᠡᠷᠲᠡ ᠰᠡᠷᠭᠡᠶᠢᠯᠡᠵᠦ᠂ ᠡᠷᠲᠡ ᠢᠯᠡᠷᠡᠭᠦᠯᠵᠦ᠂ ᠬᠠᠷᠠᠭ᠎ᠠ ᠨᠢ ᠬᠡᠪ ᠤᠨ ᠪᠤᠰᠤ ᠰᠣᠷᠣᠭᠴᠢ ᠶᠢ ᠬᠡᠷ ᠤᠨ ᠠᠬᠠᠮᠠᠳ ᠲᠤ ᠲᠤᠰᠢᠶᠠᠨ ᠡᠮᠴᠢᠯᠡᠭᠡᠨ ᠤ ᠪᠠᠶᠢᠴᠠᠭᠠᠯᠳᠠ ᠬᠢᠯᠭᠡᠵᠠᠢ᠃ ︵ᠳᠠᠷᠬᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号