| ᠣᠶᠢᠷ᠎ᠠ ᠳᠤ᠂ ᠬᠢᠩᠭᠠᠨ ᠠᠶᠢᠮᠠᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ | ᠤᠯᠠᠭᠠᠨᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠤᠯᠠᠭᠠᠨᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠤᠯᠠᠭᠠᠨᠬᠤᠲᠠ ᠶᠢᠨ ᠣᠶ ᠰᠢᠭᠤᠶ ᠶᠢᠨ ᠭᠠᠯ ᠰᠡᠷᠭᠡᠶᠢᠯᠡᠵᠦ | ᠤᠨᠲᠠᠷᠠᠭᠠᠬᠤ ᠶᠡᠭᠡ ᠠᠩᠭᠢ ᠵᠡᠷᠭᠡ ᠣᠯᠠᠨ ᠰᠠᠯᠠᠭ᠎ᠠ ᠮᠥᠴᠢᠷ ᠬᠠᠮᠲᠤᠷᠠᠨ ᠣᠶ ᠰᠢᠭᠤᠶ ᠶᠢᠨ ᠭᠠᠯ ᠲᠦᠢᠮᠡᠷ ᠢ | ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠤᠬᠠᠶ ᠶᠢᠨ ᠭᠠᠵᠠᠷ ᠤᠨ ᠣᠶ | ᠰᠢᠭᠤᠶ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠬᠠᠮᠠᠭᠠᠯᠠᠪᠠ᠃ | | | | | | | | | ᠤᠯᠠᠭᠠᠨᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠳᠤ᠂ ᠣᠶ ᠰᠢᠭᠤᠶ ᠶᠢᠨ ᠭᠠᠯ ᠰᠡᠷᠭᠡᠶᠢᠯᠡᠵᠦ | ᠤᠨᠲᠠᠷᠠᠭᠠᠬᠤ ᠶᠡᠭᠡ ᠠᠩᠭᠢ ᠶᠢᠨ ᠠᠵᠢᠯᠲᠠᠳ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠᠭᠰᠢ︾ ᠪᠣᠯᠵᠣ᠂ | ᠲᠥᠬᠦᠮ ᠣᠶᠢᠯᠠᠭᠠᠮᠵᠢᠲᠠᠶ ᠦᠭᠡ ᠬᠡᠯᠡ ᠪᠠᠷ ᠪᠠᠭᠰᠢ ᠰᠤᠷᠤᠭᠴᠢᠳ ᠲᠤ ᠣᠶ ᠰᠢᠭᠤᠶ ᠶᠢᠨ ᠭᠠᠯ ᠲᠦᠢᠮᠡᠷ ᠤᠨ | ᠭᠠᠮᠰᠢᠭ ᠤᠨ ᠬᠤᠤᠷ ᠬᠥᠨᠥᠭᠡᠯ ᠢ ᠶᠠᠷᠢᠵᠤ ᠥᠭᠭᠦᠭᠰᠡᠨ ᠪᠥᠭᠡᠳ ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ | ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠰᠤᠷᠤᠭᠴᠢᠳ ᠢ ᠬᠥᠲᠥᠯᠦᠨ ᠵᠢᠯᠣᠭᠤᠳᠴᠤ ᠣᠶ ᠰᠢᠭᠤᠶ ᠶᠢᠨ ᠭᠠᠯ | ᠲᠦᠢᠮᠡᠷ ᠢ ᠰᠡᠷᠭᠡᠶᠢᠯᠡᠬᠦ ᠮᠡᠳᠡᠯᠭᠡ ᠶᠢ ᠤᠯᠠᠮᠵᠢᠯᠠᠵᠤ᠂ ᠬᠡᠷ ᠤᠨ ᠬᠥᠮᠦᠰ ᠵᠢᠴᠢ ᠳᠡᠷᠭᠡᠳᠡᠬᠢ ᠲᠥᠷᠥᠯ ᠰᠠᠳᠤᠨ | ᠨᠠᠶᠢᠵᠠ ᠨᠠᠷ ᠲᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠮᠡᠳᠡᠯᠭᠡ ᠶᠢ ᠣᠶᠢᠯᠠᠭᠠᠭᠤᠯᠪᠠ᠃ | ︽ᠪᠢ ᠰᠤᠷᠤᠭᠰᠠᠨ ᠭᠠᠯ ᠲᠦᠢᠮᠡᠷ ᠢ ᠰᠡᠷᠭᠡᠶᠢᠯᠡᠬᠦ ᠮᠡᠳᠡᠯᠭᠡ ᠪᠠᠨ ᠭᠡᠷ ᠤᠨ ᠬᠥᠮᠦᠰ ᠲᠡᠭᠡᠨ ᠬᠤᠪᠢᠶᠠᠯᠴᠠᠵᠤ | ᠂ ᠤᠯᠠᠨ ᠢ ᠭᠠᠯ ᠤᠨ ᠠᠶᠤᠯ ᠲᠦᠭᠰᠢᠭᠦᠷᠢ ᠶᠢ ᠵᠥᠪ ᠢᠶᠠᠷ ᠠᠷᠭᠠᠴᠠᠭᠠᠵᠤ᠂ ᠤᠢ ᠰᠢᠭᠤᠢ ᠶᠢᠨ ᠭᠠᠯ ᠲᠦᠢᠮᠡᠷ ᠤᠨ | ᠭᠠᠮᠰᠢᠭ ᠢ ᠰᠡᠷᠭᠡᠶᠢᠯᠡᠨ᠎ᠡ︾ ᠭᠡᠵᠦ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠨᠠᠢᠮᠠᠳᠤᠭᠠᠷ ᠣᠨ ᠤ ᠨᠢᠭᠡᠳᠦᠭᠡᠷ | ᠠᠩᠬᠢ ᠶᠢᠨ ᠰᠤᠷᠤᠭᠴᠢ ᠪᠢ ᠸᠧᠨ ᠪᠥᠸᠧ ᠬᠡᠯᠡᠪᠡ᠃ | | | | | | | | | ᠣᠶ ᠰᠢᠭᠤᠶ ᠶᠢᠨ ᠭᠠᠯ ᠰᠡᠷᠬᠡᠶᠢᠯᠡᠵᠦ ᠤᠨᠲᠠᠷᠠᠭᠠᠬᠤ ᠶᠡᠭᠡ ᠠᠩᠭᠢ ᠶᠢᠨ ᠠᠵᠢᠯᠲᠠᠳ ᠪᠠᠰᠠ ᠤᠯᠠᠭᠠᠨᠬᠠᠳᠠ | ᠪᠠᠯᠭᠠᠰᠤᠨ ᠳᠤ ᠬᠦᠷᠴᠦ᠂ ᠵᠡᠭᠡᠯᠢ ᠭᠤᠳᠤᠮᠵᠢ ᠶᠢᠨ ᠬᠤᠶᠠᠷ ᠲᠠᠯ᠎ᠠ ᠳᠤ ᠠᠰᠠᠭᠤᠨ ᠯᠠᠪᠯᠠᠬᠤ ᠲᠠᠪᠴᠠᠩ ᠭᠠᠷᠭᠠᠵᠤ᠂ | ᠭᠠᠯ ᠰᠡᠷᠭᠡᠶᠢᠯᠡᠬᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠵᠦ᠂ ᠷᠠᠳᠢᠣ᠋ ᠪᠠᠷ ᠭᠠᠴᠠᠭ᠎ᠠ ᠲᠣᠰᠬᠤᠨ ᠤ | ᠠᠷᠠᠳ ᠲᠤ ᠭᠠᠯ ᠰᠡᠷᠭᠡᠶᠢᠯᠡᠬᠦ ᠮᠡᠳᠡᠯᠭᠡ ᠶᠢ ᠲᠦᠭᠡᠮᠡᠯᠵᠢᠭᠦᠯᠦᠨ ᠭᠠᠯ ᠰᠡᠷᠭᠡᠶᠢᠯᠡᠬᠦ ᠶᠢ ᠰᠠᠨᠠᠭᠤᠯᠪᠠ᠃ | ︽ᠤᠬᠠᠭᠤᠯᠭ᠎ᠠ ᠪᠠᠷ ᠳᠡᠮᠵᠢᠨ᠂ ᠪᠢᠳᠡᠨ ᠤ ᠭᠠᠯ ᠰᠡᠷᠭᠡᠶᠢᠯᠡᠬᠦ ᠤᠬᠠᠮᠰᠠᠷ ᠳᠡᠭᠡᠭᠰᠢᠯᠡᠵᠦ᠂ | ᠣᠯᠠᠨ ᠢᠶᠠᠷ ᠢᠶᠠᠨ ᠴᠥᠮ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠠᠯ ᠲᠦᠢᠮᠡᠷ ᠤᠨ ᠭᠠᠮᠰᠢᠭ ᠤᠨ ᠳᠠᠯᠳᠠ | ᠬᠡᠮ ᠢ ᠪᠠᠭᠠᠰᠬᠠᠬᠤ ᠪᠣᠯᠤᠨ᠎ᠠ︾ ᠭᠡᠵᠦ ᠤᠯᠠᠭᠠᠨᠬᠠᠳᠠ ᠪᠠᠯᠭᠠᠰᠤᠨ ᠤ ᠠᠷᠠᠳ ᠰᠦᠨ ᠵᠢᠶ ᠹᠧᠩ ᠬᠡᠯᠡᠪᠡ᠃ | ᠲᠣᠰ ᠤᠳᠠᠭᠠᠨ ᠤ ᠣᠯᠠᠨ ᠰᠠᠯᠠᠭ᠎ᠠ ᠮᠥᠴᠢᠷ ᠬᠠᠮᠲᠤᠷᠠᠨ ᠥᠷᠨᠢᠭᠦᠯᠦᠭᠰᠡᠨ ᠣᠶ ᠰᠢᠭᠤᠶ ᠶᠢᠨ ᠭᠠᠯ | ᠲᠦᠢᠮᠡᠷ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠨᠢ ᠰᠤᠷᠭᠠᠭᠤᠯᠢ ᠶᠢᠨ ᠬᠦᠷᠢᠶᠡᠨ ᠤ ᠪᠠᠭᠰᠢ ᠰᠣᠷᠣᠭᠴᠢ | ᠪᠣᠯᠤᠨ ᠡᠯ᠎ᠡ ᠭᠠᠴᠠᠭ᠎ᠠ ᠲᠣᠰᠬᠤᠨ ᠤ ᠠᠷᠠᠳ ᠤᠨ ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠤᠬᠠᠮᠰᠠᠷ ᠢ | ᠪᠦᠲᠦᠮᠵᠢᠲᠡᠶ ᠳᠡᠭᠡᠭᠰᠢᠯᠡᠭᠦᠯᠵᠦ᠂ ︽ᠣᠶ ᠰᠢᠭᠤᠶ ᠶᠢᠨ ᠭᠠᠯ ᠲᠦᠢᠮᠡᠷ ᠢ ᠰᠡᠷᠭᠡᠶᠢᠯᠡᠬᠦ ᠳᠤ ᠬᠥᠮᠦᠨ ᠪᠦᠬᠦᠨ | ᠬᠠᠷᠢᠭᠤᠴᠠᠯᠭ᠎ᠠ ᠲᠠᠢ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ | | | | | | | | | ᠤᠯᠠᠭᠠᠨᠬᠤᠳᠠ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠢᠳᠡᠪᠬᠢᠲᠡᠢ ᠤᠨᠲᠠᠷᠠᠭᠠᠬᠤ᠂ ᠠᠮᠢ | ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢ ᠰᠢᠭᠤᠢ ᠨᠤᠲᠤᠭ ᠪᠡᠯᠴᠢᠭᠡᠷ ᠤᠨ ᠭᠠᠯ | ᠲᠦᠢᠮᠡᠷ ᠢ ᠰᠡᠷᠭᠡᠶᠢᠯᠡᠵᠦ ᠤᠨᠲᠠᠷᠠᠭᠠᠬᠤ ᠠᠵᠢᠯ ᠤᠨ ᠴᠢᠭᠯᠡᠯᠲᠡ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ | ᠵᠢᠯ ᠪᠦᠷᠢ ᠤᠯᠠᠨ ᠰᠠᠯᠠᠭ᠎ᠠ ᠮᠥᠴᠢᠷ ᠲᠠᠢ ᠬᠠᠮᠲᠤᠷᠠᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ | ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠤᠯᠠᠨ ᠤ ᠭᠠᠯ ᠲᠦᠢᠮᠡᠷ ᠢ ᠰᠡᠷᠭᠡᠶᠢᠯᠡᠵᠦ ᠤᠨᠲᠠᠷᠠᠭᠠᠬᠤ ᠤᠬᠠᠮᠰᠠᠷ ᠢ ᠳᠡᠭᠡᠭᠰᠢᠯᠡᠭᠦᠯᠵᠦ᠂ ᠤᠯᠠᠨ ᠢᠶᠠᠷ ᠢᠶᠠᠨ | ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠳᠠᠭ᠃ | ᠤᠯᠠᠭᠠᠨᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶᠠᠨ ᠤ ᠳᠡᠳ᠋ ᠳᠠᠷᠤᠭ᠎ᠠ ᠯᠢ ᠬᠦᠶ | ᠯᠦᠩ ᠠᠴᠠ᠂ ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠢᠮᠡᠷ | ᠢ ᠰᠡᠷᠭᠡᠶᠢᠯᠡᠨ ᠤᠨᠲᠠᠷᠠᠭᠠᠬᠤ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠤᠨ᠂ ᠡᠳᠦᠷ ᠲᠤᠲᠤᠮ ᠤᠨ ᠭᠠᠯ ᠲᠦᠢᠮᠡᠷ ᠢ ᠰᠡᠷᠭᠡᠶᠢᠯᠡᠬᠦ ᠬᠢᠨᠠᠯᠲᠠ ᠪᠠᠶᠢᠴᠠᠭᠠᠯᠲᠠ ᠶᠢ | ᠴᠢᠩᠭᠠᠳᠬᠠᠵᠤ᠂ ᠬᠡᠭᠡᠷ᠎ᠡ ᠶᠢᠨ ᠭᠠᠯ ᠤᠨ ᠢᠷᠡᠯᠲᠡ ᠶᠢ ᠴᠢᠩᠭ᠎ᠠ ᠬᠠᠮᠢᠶᠠᠷᠤᠨ ᠡᠵᠡᠮᠳᠡᠨ᠂ ᠭᠤᠤᠯᠳᠠᠯᠭ᠎ᠠ ᠲᠠᠢ | ᠬᠥᠮᠦᠰ ᠲᠤ ᠬᠢᠨᠠᠯᠲᠠ ᠲᠠᠯᠪᠢᠬᠤ ᠶᠢ ᠴᠢᠩᠭᠠᠳᠬᠠᠵᠦ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ | ᠬᠥᠮᠦᠨ ᠪᠦᠬᠦᠨ ᠴᠢᠬᠤᠯᠠᠴᠢᠯᠠᠬᠤ᠂ ᠬᠥᠮᠦᠨ ᠪᠦᠬᠦᠨ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠨ᠎ᠠ ᠭᠡᠵᠡᠶ᠃ | | | | |