ᠤᠯᠠᠭᠠᠨᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2025/4/7
        4 ᠰᠠᠷ᠎ᠠ ᠶᠢᠨ 2 ᠤᠨ ᠡᠳᠦᠷ ᠠᠴᠠ 3 ᠤ ᠡᠳᠦᠷ ᠪᠣᠯᠲᠠᠯ᠎ᠠ᠂ ᠤᠯᠠᠭᠠᠨᠬᠤᠲᠠ ᠶᠢᠨ ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠼᠤᠤ ᡁᠢ ᠶᠦᠩ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠲᠠ ᠶᠢᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠥᠬᠦᠳ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ ᠵᠢᠴᠢ ᠬᠠᠮᠢᠶ᠎ᠠ ᠪᠥᠬᠦᠶ ᠬᠤᠲᠠ ᠶᠢᠨ ᠲᠠᠰ ᠤᠨ ᠤᠳᠤᠷᠢᠳᠤᠯᠭ᠎ᠠ ᠨᠣᠮ ᠤᠩᠰᠢᠬᠤ ᠠᠩᠭᠢ ᠳᠤ ᠣᠷᠣᠯᠴᠠᠪᠠ᠃        ᠨᠣᠮ ᠤᠩᠰᠢᠬᠤ ᠠᠩᠭᠢ ᠨᠢ ᠳᠠᠭᠠᠭᠤᠯᠤᠨ ᠤᠩᠰᠢᠵᠤ ᠳᠠᠭᠠᠭᠤᠯᠤᠨ ᠰᠤᠷᠤᠯᠴᠠᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠦᠵᠡᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠠᠢ᠃ ᠬᠤᠲᠠ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠲᠣᠭᠲᠠᠭᠰᠠᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠶ ᠰᠤᠳᠤᠯᠤᠨ ᠤᠩᠰᠢᠵᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠤᠬᠡ ᠨᠠᠮ ᠤᠨ ᠪᠠᠶᠢᠭᠤᠯᠤᠯᠲᠠ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠫᠷᠤᠹᠧᠰᠰᠤᠷ ᠵᠣᠣ ᠶᠢᠩ ᠠᠴᠠ ᠰᠤᠷᠤᠯᠴᠠᠯᠭ᠎ᠠ ᠳᠤ ᠣᠷᠣᠯᠴᠠᠭᠰᠠᠨ ᠪᠠᠶᠢᠭᠤᠯᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠳᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠣᠯᠠᠨ ᠢᠶᠠᠷ ᠢᠶᠠᠨ ᠨᠢᠭᠡ ᠤᠳᠠᠭᠠᠨ ᠤ ᠭᠦᠨ ᠭᠦᠨᠵᠡᠭᠡᠶ ᠰᠠᠬᠢᠯᠭ᠎ᠠ ᠪᠠᠲᠤ ᠶᠢᠨ ᠬᠥᠮᠦᠵᠢᠯ ᠪᠠ ᠲᠥᠪ ᠴᠢᠩᠭ᠎ᠠ ᠨᠠᠮᠴᠢ ᠴᠢᠨᠠᠷ ᠤᠨ ᠪᠣᠯᠪᠠᠰᠤᠷᠠᠯ ᠢ ᠬᠦᠯᠢᠶᠡᠪᠡ ᠭᠡᠵᠡᠭᠡᠪᠡ᠃        ᠬᠤᠷᠠᠯ ᠠᠴᠠ᠂ ᠪᠦᠬᠦ ᠨᠠᠮ ᠤᠨ ᠬᠡᠪᠴᠢᠶᠡᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠃ ᠪᠦᠬᠦ ᠬᠤᠳᠠ ᠪᠠᠷ ᠢᠶᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠨᠠᠮ ᠢ ᠬᠠᠮᠢᠶᠠᠷᠴᠤ ᠨᠠᠮ ᠢ ᠵᠠᠰᠠᠬᠤ᠂ ᠰᠤᠷᠲᠠᠯ ᠢᠶᠠᠨ ᠬᠤᠪᠢᠷᠠᠭᠤᠯᠬᠤ ᠤᠷᠳᠤ ᠬᠤᠭᠤᠴᠠᠭᠠᠨ ᠤ ᠡᠭᠦᠷᠭᠡ ᠪᠣᠯᠭᠠᠨ ᠠᠳᠬᠤᠵᠤ᠂ ︽ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ︾ ᠶᠢ ᠨᠡᠪᠲᠡᠷᠡᠭᠦᠯᠤᠨ ᠠᠭᠤᠰᠤᠯᠴᠠᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠥᠬᠦᠷᠡᠰᠢ ᠦᠭᠡᠢ ᠪᠠᠶᠢᠩᠭᠤ ᠠᠳᠬᠤᠬᠤ ᠬᠠᠳᠠᠨ ᠵᠣᠷᠢᠭ ᠢᠶᠠᠷ ︽ᠲᠦᠷᠪᠡᠨ ᠰᠤᠷᠲᠠᠯ︾ ᠤᠨ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠪᠦᠬᠦ ᠬᠤᠳᠠ ᠶᠢᠨ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠦᠵᠡᠯ ᠰᠠᠨᠠᠭᠠᠨ ᠤ ᠬᠠᠰᠢᠯᠭ᠎ᠠ ᠶᠢ ᠲᠠᠰᠤᠷᠠᠯᠳᠠ ᠦᠭᠡᠢ ᠪᠠᠬᠢᠵᠢᠭᠦᠯᠵᠦ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠵᠠᠢ᠃        ᠬᠤᠷᠠᠯ ᠠᠴᠠ᠂ ᠪᠦᠬᠦ ᠬᠤᠳᠠ ᠪᠠᠷ ᠢᠶᠠᠨ ᠠᠬᠢᠴᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠦᠴᠦᠨ ᠢᠶᠠᠨ ᠰᠠᠶᠢᠲᠤᠷ ᠲᠤᠬᠢᠷᠠᠭᠤᠯᠵᠤ᠂ ᠰᠡᠳᠬᠢᠴᠡ ᠪᠠᠨ ᠰᠠᠶᠢᠲᠤᠷ ᠡᠮᠬᠢᠯᠡᠵᠦ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠨᠢᠭᠡ ᠭᠤᠣᠯ ᠰᠢᠵᠢᠮ ᠳᠤ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠵᠡᠷᠭᠡ ᠭᠤᠣᠯ ᠠᠵᠢᠯ ᠢ ᠥᠷᠨᠢᠭᠦᠯᠬᠦ ᠪᠠ ︽ᠲᠠᠪᠤᠨ ᠨᠢᠭᠡᠳᠦᠭᠡᠷ︾ ᠤᠨ ᠠᠵᠢᠯ ᠤᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠵᠦ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠶᠢ ᠪᠠᠷᠢᠮᠲᠠᠯᠠᠵᠤ᠂ ᠦᠨᠡᠨ ᠰᠡᠳᠬᠢᠯ ᠠᠴᠠ ᠪᠠᠨ ᠤᠯᠠᠨ ᠲᠦᠮᠡᠨ ᠤ ︽ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠥᠷᠭᠡᠨ ᠤᠯᠠᠨ ᠲᠦᠮᠡᠨ ᠳᠤ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠬᠤᠪᠢᠷᠠᠯᠲᠠ ᠶᠢ ᠪᠡᠶ᠎ᠡ ᠪᠠᠷ ᠨᠢ ᠮᠡᠳᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号