ᠬᠤᠪᠢᠰᠬᠠᠯᠳᠤ ᠤᠯᠠᠮᠵᠢᠯᠠᠯ ᠢ ᠵᠠᠯᠭᠠᠮᠵᠢᠯᠠᠨ ᠲᠡᠯᠭᠡᠷᠡᠬᠦᠯᠵᠤ ᠦᠨᠳᠦᠰᠦᠲᠡᠨ ᠤ ᠵᠣᠷᠢᠭ ᠰᠠᠨᠠᠭ᠎ᠠ ᠶᠢ ᠦᠶ᠎ᠠ ᠲᠠᠮᠵᠢᠨ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2025/4/7
        ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠪᠣᠯ ᠥᠪᠥᠷ ᠮᠣᠩᠭᠤᠯ ᠤᠨ ᠦᠨᠳᠦᠰᠦᠲᠡᠨ ᠤ ᠬᠤᠪᠢᠰᠬᠠᠯ᠂ ᠦᠨᠳᠦᠰᠦᠲᠡᠨ ᠤ ᠴᠢᠯᠥᠭᠡᠯᠡᠯᠲᠡ ᠶᠢᠨ ᠲᠡᠦᠬᠡ᠂ ᠦᠨᠳᠦᠰᠦᠲᠡᠨ ᠤ ᠵᠣᠷᠢᠭ ᠰᠠᠨᠠᠭ᠎ᠠ ᠶᠢ ᠢᠯᠡᠷᠡᠭᠦᠯᠦᠭᠰᠡᠨ ᠳᠤᠷᠠᠰᠬᠠᠯ ᠤᠨ ᠴᠢᠨᠠᠷᠲᠠᠢ ᠦᠵᠡᠭᠦᠯᠭᠡ ᠶᠢᠨ ᠣᠷᠳᠣᠨ ᠪᠣᠯᠤᠨ᠎ᠠ᠃ ᠮᠦᠨ ᠴᠤ ᠪᠦᠬᠦ ᠤᠯᠤᠰ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠤᠨ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠪᠦᠯᠦᠭ ᠤᠨ ᠲᠤᠮᠳᠠᠳᠤ ᠶᠢᠨ ᠦᠨᠳᠤᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ ᠢ ᠪᠠᠳᠤ ᠴᠤᠭᠴᠠᠯᠠᠬᠤ ᠬᠦᠮᠤᠵᠢᠯ ᠦᠢᠯᠡᠳᠤᠯᠭᠡ ᠶᠢᠨ ᠰᠠᠭᠤᠷᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠱᠢᠶ᠎ᠡ ᠦᠵᠡᠭᠦᠯᠬᠦ ᠰᠠᠭᠤᠷᠢᠨ᠂ ᠪᠦᠬᠦ ᠤᠯᠤᠰ ᠤᠨ ᠬᠤᠪᠢᠰᠬᠠᠯᠲᠤ ᠵᠢᠭᠤᠯᠴᠢᠯᠠᠯ ᠤᠨ ᠰᠣᠳᠣᠨ ᠱᠤᠭᠤᠮ ᠪᠤᠯᠤᠨ᠎ᠠ᠃        2007 ᠣᠨ ᠤ 8 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 60 ᠵᠢᠯ ᠤᠨ ᠤᠢ ᠶᠢ ᠪᠡᠯᠭᠡᠯᠡᠬᠦ ᠲᠠᠰᠢᠷᠠᠮ ᠳᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠢ ᠬᠢᠩᠭᠠᠨ ᠠᠶᠢᠮᠠᠭ ᠤᠨ ᠤᠯᠠᠭᠠᠨᠬᠤᠲᠠ ᠳᠤ ᠪᠠᠶᠢᠭᠤᠯᠵᠤ ᠳᠠᠭᠤᠰᠬᠠᠪᠠ᠃ ᠲᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠤᠤᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠠ ᠦᠨᠳᠦᠰᠦᠲᠡᠨ ᠤ ᠣᠷᠣᠨ ᠤ ᠬᠤᠪᠢᠷᠠᠯᠳᠠ ᠭᠦᠭᠵᠢᠯᠳᠠ ᠶᠢᠨ ᠲᠡᠦᠬᠡ ᠶᠢ ᠲᠤᠰᠬᠠᠭᠰᠠᠨ ᠪᠦᠬᠦ ᠤᠯᠤᠰ ᠤᠨ ᠴᠤᠷ ᠤᠨ ᠭᠠᠭᠴᠠ ᠳᠤᠷᠠᠰᠬᠠᠯ ᠤᠨ ᠣᠷᠳᠣᠨ ᠪᠤᠯᠤᠭᠰᠠᠨ ᠤ ᠬᠤᠪᠢ ᠳᠤ ᠪᠠᠶᠢᠭᠤᠯᠤᠭᠳᠠᠭᠰᠠᠨ ᠠᠴᠠ ᠨᠠᠭᠠᠰᠢ ᠤᠳᠤ ᠪᠤᠯᠳᠠᠯ᠎ᠠ 1400 ᠰᠢᠬᠠᠮ ᠲᠡᠦᠭᠡ ᠶᠢᠨ ᠲᠤᠷᠠᠰᠬᠠᠯᠳᠤ ᠵᠦᠢᠯᠡᠰ ᠵᠢᠴᠢ ᠰᠤᠷᠪᠤᠯᠵᠢ ᠪᠢᠴᠢᠭ ᠢ ᠬᠠᠳᠠᠭᠠᠯᠠᠵᠤ᠂ ᠨᠠᠶᠢᠳᠠ 800 ᠲᠦᠮᠡᠨ ᠵᠢᠭᠤᠯᠴᠢᠯᠠᠭᠴᠢ ᠶᠢ ᠬᠦᠯᠢᠶᠡᠨ ᠠᠪᠴᠤ ᠪᠤᠢ᠃        ᠲᠠᠯᠠᠪᠤᠷ ᠤᠨ ᠪᠠᠲᠤᠯᠠᠭ᠎ᠠ ᠶᠢ ᠰᠠᠶᠢᠲᠤᠷ ᠬᠢᠵᠦ ᠬᠥᠮᠦᠵᠢᠯ ᠦᠢᠯᠡᠳᠦᠯᠭᠡ ᠶᠢᠨ ᠰᠠᠭᠤᠷᠢᠨ ᠤ ᠦᠢᠯᠡᠳᠦᠯ ᠢ ᠬᠦᠢᠴᠡᠳ ᠪᠠᠳᠠᠷᠠᠭᠤᠯᠤᠨ᠎ᠠ        ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠤ ᠪᠠᠷᠢᠯᠭ᠎ᠠ ᠶᠢᠨ ᠲᠠᠯᠠᠪᠠᠶ ᠨᠢ 2.4 ᠲᠦᠮᠡᠨ ᠲᠡᠭᠰᠢ ᠳᠥᠷᠪᠡᠯᠵᠢᠨ ᠮᠧᠲᠷ᠂ ᠦᠵᠡᠭᠦᠯᠭᠡ ᠶᠢᠨ ᠲᠢᠩᠬᠢᠮ ᠨᠢ 3500 ᠲᠡᠭᠰᠢ ᠳᠥᠷᠪᠡᠯᠵᠢᠨ ᠮᠧᠲᠷ ᠪᠠᠶᠢᠳᠠᠭ᠃ ᠳᠤᠷᠠᠰᠬᠠᠯ ᠤᠨ ᠣᠷᠳᠣᠨ ᠤ ᠳᠡᠯᠭᠡᠨ ᠦᠵᠡᠭᠦᠯᠭᠡ ᠨᠢ ᠭᠤᠤᠯᠳᠠᠭᠤ ᠭᠤᠷᠪᠠᠨ ᠬᠡᠰᠡᠭ ᠢᠶᠠᠷ ᠪᠦᠷᠢᠯᠳᠦᠵᠡᠢ᠃ ᠭᠤᠤᠯ ᠦᠵᠡᠭᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠵᠣᠷᠢᠭ ᠰᠠᠨᠠᠭ᠎ᠠ ᠶᠢ ᠳᠡᠯᠭᠡᠨ ᠦᠵᠡᠭᠦᠯᠦᠭᠰᠡᠨ ᠭᠤᠤᠯ ᠰᠡᠳᠦᠪᠲᠦ ᠱᠤᠭᠤᠮᠠᠯ ︽ᠬᠤᠪᠢᠰᠬᠠᠯᠳᠤ ᠮᠤᠷᠢᠳᠤ ᠴᠡᠷᠢᠭ︾ ᠢᠶᠠᠷ ᠭᠤᠤᠯ ᠪᠣᠯᠭᠠᠵᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠤ ᠪᠥᠲᠥᠭᠡᠨ ᠪᠠᠶᠢᠭᠤᠯᠤᠯᠲᠠ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠠ ᠦᠨᠳᠦᠰᠦᠳᠡᠨ ᠤ ᠣᠷᠣᠨ ᠤ ᠥᠪᠡᠷᠲᠡᠭᠡᠨ ᠵᠠᠰᠠᠬᠤ ᠲᠡᠦᠬᠡᠨ ᠶᠠᠪᠤᠴᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠬᠢᠭᠡᠳ ᠬᠥᠭᠵᠢᠯᠲᠡ ᠶᠢ ᠲᠡᠯᠭᠡᠨ ᠦᠵᠡᠬᠦᠯᠪᠠ︔ ᠲᠡᠳ᠋ ᠦᠵᠡᠭᠦᠯᠭᠡ ᠶᠢᠨ ᠲᠢᠩᠬᠢᠮ ᠨᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠠ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠪᠠᠷ ᠭᠤᠣᠯ ᠰᠢᠵᠢᠮ ᠪᠣᠯᠭᠠᠵᠤ᠂ ︽ᠬᠠᠪᠤᠷ ᠤᠨ ᠠᠶᠤᠩᠭ᠎ᠠ︾᠂ ︽ᠶᠠᠫᠣᠨ ᠢ ᠡᠰᠡᠷᠭᠦᠴᠡᠬᠦ ᠳᠠᠶᠢᠨ ᠤ ᠲᠦᠳᠡᠭ︾᠂ ︽ᠢᠯᠠᠯᠲᠠ ᠶᠢᠨ ᠥᠤᠷ ᠤᠨ ᠲᠤᠶᠠᠭ᠎ᠠ︾᠂ ︽ᠥᠨᠢᠳᠡ ᠶᠢᠨ ᠦᠷᠯᠦᠭ ᠬᠥᠰᠢᠶ᠎ᠡ︾ ᠵᠡᠷᠭᠡ ᠲᠦᠷᠪᠡᠨ ᠬᠡᠰᠡᠭ ᠢᠶᠠᠷ ᠪᠦᠷᠢᠯᠳᠦᠵᠦ᠂ ᠥᠪᠥᠷ ᠮᠣᠩᠭᠤᠯ ᠤᠨ ᠡᠷᠲᠡ ᠦᠶ᠎ᠡ ᠶᠢᠨ ᠬᠤᠪᠢᠰᠬᠠᠯ᠂ ᠶᠠᠫᠣᠨ ᠢ ᠡᠰᠡᠷᠭᠦᠴᠡᠬᠦ ᠲᠡᠮᠡᠴᠡᠯ᠂ ᠥᠪᠥᠷ ᠮᠣᠩᠭᠤᠯ ᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠢᠯᠠᠯᠲᠠ ᠪᠠ ᠨᠢᠭᠡᠳᠦᠯᠳᠠᠢ ᠤᠷᠤᠨ ᠬᠤᠪᠢᠶᠠᠷᠢᠯᠠᠯ ᠤᠨ ᠪᠦᠷᠢᠯᠳᠦᠯ ᠪᠠ ᠬᠥᠭᠵᠢᠯᠲᠡ ᠶᠢ ᠭᠤᠣᠯᠳᠠᠯᠭ᠎ᠠ ᠲᠠᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠥᠪ ᠤᠳᠤᠷᠢᠳᠤᠯᠭ᠎ᠠ ᠳᠤᠤᠷ᠎ᠠ ᠦᠨᠳᠦᠰᠦᠲᠡᠨ ᠤ ᠴᠢᠯᠥᠭᠡᠯᠡᠯᠲᠡ ᠶᠢ ᠲᠡᠮᠡᠴᠡᠨ ᠤᠯᠬᠤ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠶᠢ ᠪᠠᠶᠡᠯᠡᠬᠦᠯᠬᠦ ᠵᠠᠮ ᠢᠶᠠᠷ ᠵᠠᠮᠨᠠᠭᠰᠠᠨ ᠭᠡᠷᠡᠯ ᠰᠠᠴᠤᠷᠠᠩᠭᠤᠶ ᠲᠡᠦᠭᠡᠨ ᠶᠠᠪᠤᠴᠠ ᠶᠢ ᠲᠤᠰᠬᠠᠨ ᠢᠯᠡᠷᠡᠬᠦᠯᠵᠠᠢ᠃ ᠭᠤᠷᠪᠠᠳᠤᠭᠠᠷ ᠬᠡᠰᠡᠭ ᠤᠨ ᠦᠷᠡᠭᠳᠡᠭᠰᠡᠨ ᠪᠠᠭᠠᠲᠤᠷᠴᠤᠳ ᠤᠨ ᠲᠢᠩᠬᠢᠮ ᠨᠢ ᠥᠪᠥᠷ ᠮᠣᠩᠭᠤᠯ ᠤᠨ ᠬᠤᠪᠢᠰᠬᠠᠯᠲᠤ ᠬᠥᠳᠡᠯᠭᠡᠭᠡᠨ ᠤ ᠰᠦᠷᠯᠢᠭ ᠵᠢᠪᠬᠤᠯᠠᠩᠳᠤ ᠠᠶᠠᠯᠠᠯ ᠢᠶᠠᠷ ᠭᠤᠣᠯ ᠰᠢᠵᠢᠮ ᠪᠣᠯᠭᠠᠵᠤ᠂ 28 ᠵᠢᠯ ᠦᠷᠭᠦᠯᠵᠢᠯᠡᠭᠰᠡᠨ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠳᠤ ᠥᠪᠥᠷ ᠮᠣᠩᠭᠤᠯ ᠤᠨ ᠬᠤᠪᠢᠰᠬᠠᠯᠳᠤ ᠦᠷᠡᠭᠳᠡᠭᠰᠡᠨ ᠪᠠᠭᠠᠲᠤᠷᠴᠤᠳ ᠦᠨᠳᠦᠰᠦᠲᠡᠨ ᠤ ᠴᠢᠯᠥᠭᠡᠯᠡᠯᠲᠡ᠂ ᠰᠢᠨ᠎ᠡ ᠳᠤᠮᠳᠠᠳᠤ ᠤᠯᠤᠰ ᠢ ᠪᠠᠶᠢᠭᠤᠯᠬᠤ ᠶᠢᠨ ᠲᠥᠯᠥᠭᠡ ᠬᠦᠴᠦᠷᠬᠡᠭᠯᠡᠯ ᠠᠴᠠ ᠠᠶᠤᠬᠤ ᠦᠭᠡᠢ᠂ ᠠᠮᠢ ᠪᠠᠶ᠎ᠠ ᠪᠠᠨ ᠴᠦᠯᠡᠨ ᠲᠡᠮᠡᠴᠡᠭᠰᠡᠨ ᠬᠤᠪᠢᠰᠬᠠᠯᠲᠤ ᠵᠣᠷᠢᠭ ᠰᠠᠨᠠᠭ᠎ᠠ ᠶᠢ ᠭᠤᠣᠯᠳᠠᠯᠭ᠎ᠠ ᠲᠠᠢ ᠳᠡᠯᠭᠡᠨ ᠦᠵᠡᠭᠦᠯᠦᠭᠰᠡᠨ ᠪᠠᠶᠢᠨ᠎ᠠ᠃        ︽ᠳᠤᠷᠠᠰᠬᠠᠯ ᠤᠨ ᠣᠷᠳᠣᠨ ᠨᠢ ᠳᠠᠭᠤ᠂ ᠭᠡᠷᠡᠯ᠂ VR ᠵᠡᠷᠭᠡ ᠤᠳᠤ ᠦᠶ᠎ᠡ ᠶᠢᠨ ᠵᠠᠭᠤᠴᠢᠯᠠᠭᠤᠷ ᠤᠨ ᠠᠷᠭ᠎ᠠ ᠪᠠᠷᠢᠯ ᠢ ᠴᠢᠬᠤᠯᠠ ᠶᠡᠭᠡ ᠲᠡᠦᠬᠡᠨ ᠰᠡᠳᠦᠪᠲᠦ ᠹᠢᠯᠢᠮ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ᠂ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠤᠪᠢ ᠨᠡᠮᠡᠬᠦᠷᠢ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠵᠢᠴᠢ ᠴᠢᠬᠤᠯᠠ ᠲᠡᠦᠬᠡᠨ ᠬᠡᠷᠡᠭ ᠶᠠᠪᠤᠳᠠᠯ᠂ ᠴᠢᠬᠤᠯᠠ ᠵᠠᠩᠭᠢᠯᠠᠭ᠎ᠠ ᠶᠢᠨ ᠴᠡᠭ ᠢ ᠲᠣᠪᠤᠶᠢᠯᠭᠠᠪᠠ︾ ᠬᠡᠵᠤ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠤ ᠲᠠᠷᠤᠭ᠎ᠠ ᠵᠤᠤ ᠰᠢᠶᠤᠤ ᠸᠧᠢ ᠲᠠᠨᠢᠯᠴᠠᠭᠤᠯᠪᠠ᠃        ᠰᠦᠯᠵᠢᠶᠠᠨ ᠲᠡᠭᠡᠷᠡᠬᠢ ᠪᠠ ᠪᠤᠳᠠᠳᠤ ᠴᠤᠭᠴᠠ ᠶᠢᠨ ᠤᠬᠠᠭᠤᠯᠭ᠎ᠠ ᠬᠦᠮᠦᠵᠢᠯ ᠢ ᠤᠶᠠᠯᠳᠤᠭᠤᠯᠵᠤ ᠤᠯᠠᠨ ᠲᠦᠮᠡᠨᠴᠢ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠦᠨ᠎ᠠ        ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠭᠤᠣᠯ ᠰᠡᠳᠦᠪᠲᠦ ᠭᠡᠷᠡᠯ ᠵᠢᠷᠤᠭ ᠤᠨ ᠦᠵᠡᠭᠦᠯᠭᠡ᠂ ︽ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠳᠠᠷᠠᠭᠤᠯᠤᠶ᠎ᠠ — ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠭᠰᠡᠨ ᠦᠢᠯᠡᠳᠦᠯᠭᠡ ᠶᠢᠨ ᠲᠤᠰᠬᠠᠢ ᠰᠡᠳᠦᠪᠲᠦ ᠦᠵᠡᠬᠦᠯᠭᠡ︾ ᠶᠢᠨ ᠲᠣᠭᠤᠷᠢᠨ ᠦᠵᠡᠭᠦᠯᠭᠡ᠂ ︽ᠠᠴᠢ ᠡᠨᠡᠷᠢᠯ ᠳᠤ ᠲᠠᠯᠠᠷᠬᠠᠵᠤ᠂ ᠨᠠᠮ ᠢᠶᠠᠨ ᠲᠠᠭᠠᠨ ᠡᠷᠡᠮᠡᠭᠡᠶᠢᠯᠡᠨ ᠤᠷᠤᠭᠰᠢᠯᠠᠶ᠎ᠠ︾ ᠭᠤᠣᠯ ᠰᠡᠳᠦᠪᠲᠦ ᠦᠵᠡᠭᠦᠯᠭᠡ᠂ ︽ᠵᠧᠤ ᠧᠨ ᠯᠠᠶ ᠶᠢᠨ ᠳᠤᠮᠳᠠᠳᠤ ᠰᠤᠷᠭᠠᠭᠤᠯᠢ ᠶᠢᠨ ᠦᠶ᠎ᠡ ᠶᠢᠨ ᠵᠣᠬᠢᠶᠠᠯ ᠤᠨ ᠦᠵᠡᠬᠦᠯᠭᠡ︾ ᠵᠡᠷᠭᠡ ᠶᠢ ᠡᠷᠬᠢᠯᠡᠵᠦ ᠨᠠᠶᠢᠳᠡ 15 ᠲᠦᠮᠡᠡ ᠬᠥᠮᠦᠨ ︵ᠤᠳᠠᠭ᠎ᠠ︶ ᠢ ᠬᠦᠯᠢᠶᠠᠨ ᠠᠪᠴᠠᠢ︔ ᠴᠠᠭᠠᠨ ᠰᠠᠷ᠎ᠠ᠂ ᠲᠤᠯᠤᠭᠠᠨ ᠰᠠᠷ᠎ᠠ ᠶᠢᠨ ᠨᠢᠭᠡᠨ᠂ ᠠᠷᠪᠠᠨ ᠰᠠᠷ᠎ᠠ ᠶᠢᠨ ᠨᠢᠭᠡᠨ ᠵᠡᠷᠭᠡ ᠪᠠᠶᠠᠷ ᠲᠤᠷᠠᠰᠬᠠᠯ ᠤᠨ ᠡᠳᠤᠷ ᠤᠨ ᠬᠤᠭᠤᠴᠠᠭᠠᠨ ᠳᠤ᠂ ᠨᠡᠷᠡᠳᠦ ᠤᠷᠠᠨ ᠪᠢᠴᠢᠯᠭᠡᠳᠡᠨ ᠢ ᠤᠷᠢᠵᠤ ᠬᠤᠤᠰ ᠤᠶᠠᠩᠭ᠎ᠠ ᠪᠢᠴᠢᠬᠦᠯᠬᠦ᠂ ᠬᠤᠪᠢᠰᠬᠠᠯᠲᠤ ᠳᠠᠭᠤᠤ ᠳᠠᠭᠤᠯᠠᠬᠤ᠂ ᠴᠠᠭᠠᠰᠤᠨ ᠬᠠᠶᠢᠴᠢᠯᠠᠮᠠᠯ ᠦᠢᠯᠡᠳᠬᠦ ᠵᠡᠷᠭᠡ ᠪᠠᠶᠠᠯᠢᠭ ᠰᠠᠶᠢᠬᠠᠨ ᠭᠤᠤᠯ ᠰᠡᠳᠤᠪᠳᠤ ᠠᠵᠢᠯᠯᠠᠭ᠎ᠠ ᠦᠷᠨᠢᠬᠦᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠠᠢ᠃        ︽ᠬᠤᠪᠢᠰᠬᠠᠯᠳᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠢᠴᠢᠶᠡᠯ + ᠲᠤᠰᠬᠠᠶ ᠮᠡᠷᠭᠡᠵᠢᠯ ᠤᠨ ᠲᠠᠶᠢᠯᠤᠮᠵᠢ ᠪᠣᠯᠪᠠᠰᠤᠷᠠᠯ + ᠦᠢᠯᠡᠳᠦᠯᠭᠡ ᠶᠢᠨ ᠲᠠᠶᠢᠯᠤᠮᠵᠢ ᠪᠣᠯᠪᠠᠰᠤᠷᠠᠯ︾ ᠤᠨ ᠵᠠᠭᠪᠤᠷ ᠢ ᠢᠳᠡᠪᠬᠢᠲᠡᠶ ᠰᠦᠪᠡᠭᠴᠢᠯᠡᠵᠦ᠂ 2024 ᠤᠨ ᠤ 5 ᠰᠠᠷ᠎ᠠ ᠳᠤ ᠨᠡᠶᠢᠲᠡᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠦᠽᠧᠶ ᠶᠢᠨ ᠨᠡᠶᠢᠭᠡᠮ ᠤᠨ ᠬᠥᠮᠦᠵᠢᠯ ᠤᠨ ᠠᠵᠢᠯᠯᠠᠭ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠤᠭᠯᠠᠭᠤᠯᠤᠭᠰᠠᠨ ᠦᠷ᠎ᠡ ᠳ᠋ᠦᠩ ᠳᠤ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠵᠠᠯᠠᠭᠤᠴᠤᠳ ᠪᠠᠭᠠᠴᠤᠳ ᠤᠨ ᠬᠤᠪᠢᠰᠬᠠᠯᠳᠤ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠬᠥᠮᠦᠵᠢᠯ ᠤᠨ ᠬᠡᠷᠡᠭ ᠤᠨ ᠵᠢᠱᠢᠶ᠎ᠡ ᠪᠠᠷ ᠲᠣᠳᠣᠷᠠᠪᠠ᠃ 2024 ᠣᠨ ᠤ ᠡᠴᠦᠰ ᠪᠣᠯᠲᠠᠯ᠎ᠠ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠳᠤ ᠨᠡᠶᠢᠲᠡ 268 ᠬᠤᠭᠤᠴᠠᠭᠠᠨ ᠤ ︽ᠪᠢᠴᠢᠬᠠᠨ ᠲᠠᠶᠢᠯᠪᠤᠷᠢᠯᠠᠭᠴᠢ︾ ᠶᠢᠨ ᠪᠣᠯᠪᠠᠰᠤᠷᠠᠯ + ᠦᠢᠯᠡᠳᠦᠯᠭᠡ ᠶᠢᠨ ᠠᠩᠭᠢ ᠵᠢᠴᠢ ᠬᠤᠪᠢᠰᠬᠠᠯᠲᠤ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠵᠦ᠂ 500 ᠰᠢᠬᠠᠮ ᠰᠢᠯᠢᠳᠡᠭ ︽ᠪᠢᠴᠢᠬᠠᠨ ᠲᠠᠶᠢᠯᠪᠤᠷᠢᠯᠠᠭᠴᠢ︾ ᠶᠢ ᠬᠥᠮᠦᠵᠢᠭᠦᠯᠪᠡ᠃        ᠬᠦᠯᠢᠶᠡᠨ ᠠᠪᠤᠭᠴᠢᠳ ᠤᠨ ᠡᠩᠨᠡᠭᠡ ᠶᠢ ᠥᠷᠭᠡᠳᠭᠡᠵᠦ᠂ ᠬᠤᠪᠢᠰᠬᠠᠯᠳᠤ ᠰᠣᠶᠣᠯ ᠢ ᠨᠠᠩ ᠰᠠᠶᠢᠳᠤᠷ ᠣᠶᠢᠯᠠᠭᠠᠭᠤᠯᠬᠤ ᠶᠢᠨ ᠲᠥᠯᠥᠭᠡ᠂ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠵᠢᠷᠭᠢᠶ᠎ᠡ ᠶᠢᠨ ᠤᠯᠠᠨ ᠨᠡᠶᠢᠲᠡ ᠶᠢᠨ ᠳ᠋ᠤᠭᠠᠷ᠂ ᠴᠤᠤᠷᠢᠶ᠎ᠠ ᠳᠤ ᠤᠷᠢᠳ ᠬᠤᠵᠢᠳ ᠨᠠᠮ ᠤᠨ ᠠᠷᠪᠠ ᠵᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠳᠤ ᠣᠬᠤᠷ ᠸᠢᠳᠢᠣ᠋ ᠶᠢ ᠨᠡᠪᠲᠡᠷᠡᠭᠦᠯᠵᠤ᠂ ᠬᠤᠪᠢᠰᠬᠠᠯᠳᠤ ᠲᠡᠦᠭᠡᠨ ᠳᠤᠷᠠᠰᠬᠠᠯᠲᠤ ᠵᠦᠢᠯᠡᠰ ᠤᠨ ᠦᠯᠢᠭᠡᠷ ᠢ ᠵᠢᠷᠭᠤᠭᠠᠨ ᠬᠤᠭᠤᠴᠠᠭ᠎ᠠ ᠵᠠᠯᠭᠠᠭ᠎ᠠ ᠪᠠᠷ ᠨᠡᠶᠢᠲᠡᠯᠡᠵᠦ᠂ ︽ᠬᠤᠪᠢᠰᠬᠠᠯ ᠤᠨ ᠬᠠᠭᠤᠴᠢ ᠪᠠᠭᠤᠷᠢ ᠪᠠᠷ ᠠᠶᠢᠯᠴᠢᠯᠠᠭᠰᠠᠨ ᠨᠢ︾ ᠭᠡᠬᠦ ᠣᠬᠤᠷ ᠸᠢᠳᠢᠣ᠋ ᠶᠢ ᠲᠤᠯᠤᠭᠠᠨ ᠬᠤᠭᠤᠴᠠᠭ᠎ᠠ ᠨᠡᠪᠲᠡᠷᠡᠭᠦᠯᠵᠦ᠂ ︽ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠵᠤ᠂ ᠰᠢᠨ᠎ᠡ ᠠᠶᠠᠨ ᠳᠠᠭᠠᠨ ᠡᠷᠡᠮᠡᠭᠡᠶᠢᠯᠡᠨ ᠤᠷᠤᠭᠰᠢᠯᠠᠶ᠎ᠠ︾ ᠭᠡᠬᠦ ᠲᠤᠰᠬᠠᠢ ᠰᠡᠳᠦᠪᠲᠦ ᠣᠬᠤᠷ ᠸᠢᠳᠢᠣ᠋ ᠶᠢ ᠠᠷᠪᠠᠨ ᠭᠤᠷᠪᠠᠨ ᠬᠤᠭᠤᠴᠠᠭ᠎ᠠ ᠳᠡᠯᠭᠡᠨ ᠨᠡᠪᠲᠡᠷᠡᠭᠦᠯᠵᠦ᠂ ᠬᠤᠪᠢᠰᠬᠠᠯᠳᠤ ᠲᠡᠦᠬᠡᠨ ᠳᠤᠷᠠᠰᠬᠠᠯᠲᠤ ᠵᠦᠢᠯᠡᠰ ᠤᠨ ᠸᠢᠳᠢᠣ᠋ ‍ᠤᠬᠠᠭᠤᠯᠭ᠎ᠠ ᠶᠢ ᠬᠤᠷᠢᠨ ᠳᠥᠷᠪᠡᠨ ᠬᠤᠭᠤᠴᠠᠭ᠎ᠠ ᠨᠠᠪᠳᠡᠷᠡᠬᠦᠯᠵᠤ᠂ ᠰᠦᠯᠵᠢᠶᠠᠨ ᠲᠡᠭᠡᠷᠡᠭᠢ ᠦᠵᠡᠭᠴᠢ ᠶᠢᠨ ᠲᠤᠭ᠎ᠠ 20 ᠲᠦᠮᠡᠨ ᠬᠦᠮᠤᠨ ︵ᠤᠳᠠᠭ᠎ᠠ︶ ᠳᠤ ᠬᠦᠷᠴᠠᠢ᠃        ᠴᠢᠳᠠᠪᠤᠷᠢᠲᠠᠨ ᠬᠥᠮᠦᠵᠢᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠬᠤᠪᠢᠰᠬᠠᠯᠳᠤ ᠰᠣᠶᠣᠯ ᠤᠨ ᠴᠢᠳᠠᠪᠤᠷᠢᠲᠠᠨ ᠤ ᠡᠩᠨᠡᠭᠡ ᠶᠢ ᠪᠤᠶᠢᠵᠢᠭᠤᠯᠤᠨ ᠬᠦᠮᠦᠵᠢᠬᠦᠯᠦᠨ᠎ᠠ        ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠤᠷᠳᠤᠨ ᠪᠠᠶᠢᠭᠤᠯᠤᠮᠵᠢ ᠲᠣᠭᠲᠠᠴᠠ ᠪᠦᠷᠢᠨ ᠲᠡᠭᠦᠯᠳᠡᠷ ᠪᠠᠶᠢᠵᠤ᠂ ᠥᠨᠳᠥᠷ ᠬᠡᠪ ᠪᠣᠯᠪᠠᠰᠤᠷᠠᠯ ᠪᠦᠬᠦᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ ᠲᠤᠰᠬᠠᠶ ᠮᠡᠷᠭᠡᠵᠢᠯ ᠤᠨ ᠡᠩᠨᠡᠭᠡ ᠪᠣᠯᠤᠨ᠎ᠠ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠮᠤᠵᠢ ᠶᠢᠨ ᠲᠡᠰ ᠤᠨ᠂ ᠤᠯᠤᠰ ᠤᠨ ᠲᠡᠰ ᠤᠨ ᠡᠯ᠎ᠡ ᠲᠥᠷᠥᠯ ᠤᠨ ᠰᠣᠯᠢᠯᠴᠠᠭᠠᠨ ᠤ ᠬᠤᠷᠠᠯ᠂ ᠰᠤᠳᠤᠯᠤᠨ ᠶᠠᠷᠢᠯᠴᠠᠬᠤ ᠬᠤᠷᠠᠯ᠂ ᠪᠣᠯᠪᠠᠰᠤᠷᠠᠯ ᠤᠨ ᠠᠩᠭᠢ᠂ ᠲᠠᠶᠢᠯᠪᠤᠷᠢᠯᠠᠭᠴᠢ ᠶᠢᠨ ᠤᠷᠤᠯᠳᠤᠭᠠᠨ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠪᠤᠰᠤᠳ ᠰᠣᠶᠣᠯ ᠤᠨ ᠮᠦᠽᠧᠢ ᠶᠢᠨ ᠬᠦᠷᠢᠶᠡᠯᠡᠩ ᠲᠠᠢ ᠥᠷᠭᠡᠨ ᠳᠡᠯᠭᠡᠷ ᠬᠠᠷᠢᠯᠴᠠᠭ᠎ᠠ ᠪᠠᠶᠢᠭᠤᠯᠵᠤ᠂ ᠰᠣᠶᠣᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠤᠯᠤᠰ ᠤᠨ ᠲᠠᠰ ᠤᠨ ᠱᠠᠩᠨᠠᠯ ᠢ 5᠂ ᠮᠤᠵᠢ ᠶᠠᠮᠤᠨ ᠤ ᠲᠠᠰ ᠤᠨ ᠱᠠᠩᠨᠠᠯ ᠢ 8 ᠂ ᠠᠶᠢᠮᠠᠭ ᠤᠨ ᠲᠡᠰ ᠤᠨ ᠱᠠᠩᠨᠠᠯ ᠢ 26 ᠬᠦᠷᠳᠡᠵᠦ᠂ ︽ᠬᠢᠨᠭ᠍ᠭᠠᠨ ᠠᠶᠢᠮᠠᠭ ᠤᠨ ᠰᠢᠯᠢᠳᠡᠭ ᠵᠠᠯᠠᠭᠤ ᠰᠠᠶᠢᠨ ᠲᠤᠷᠠᠴᠤᠳ︾ ᠤᠨ ᠱᠠᠩᠨᠠᠯ ᠢ ᠤᠯᠠᠨᠳᠠ ᠬᠦᠷᠳᠡᠵᠠᠢ᠃        ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︽ᠬᠦᠰᠡᠯ ᠵᠡᠭᠦᠳᠦ ᠶᠢᠨ ᠬᠥᠭᠡᠭᠡᠴᠡᠯᠳᠦᠭᠴᠢ — ᠶᠤᠸᠠᠨ ᠯᠦᠩ ᠫᠢᠡᠭ︾᠂ ︽ᠪᠠᠭᠠᠲᠤᠷ ᠡᠬᠡ ᠰᠤᠷᠤᠨ᠎ᠠ︾᠂ ︽ᠠᠵᠢᠯᠴᠢ ᠬᠥᠳᠡᠯᠮᠦᠷᠢᠴᠢ ᠱᠦᠵᠢ ᠪᠣᠯᠤᠨ ᠲᠡᠭᠦᠨ ᠤ ᠳᠥᠷᠪᠡᠨ ᠶᠡᠭᠡ ︿ᠡᠷᠳᠡᠨᠢ﹀︾᠂ ︽ᠰᠢᠷᠭᠠᠭᠤ ᠬᠠᠲᠠᠭᠤᠵᠢᠯᠲᠠᠢ ᠦᠢᠯᠡᠰ ᠪᠤᠰᠬᠠᠬᠴᠢ ︿ᠡᠮᠡᠭᠲᠡᠢ ᠰᠢᠨ᠎ᠡ ᠲᠠᠷᠢᠶᠠᠴᠢᠨ﹀ ᠵᠢᠶᠠᠩ ᡁᠢ ᠬᠤᠸᠠ︾ ᠵᠡᠷᠭᠡ ᠨᠢᠭᠡ ᠪᠦᠯᠦᠭ ᠬᠤᠪᠢᠰᠬᠠᠯᠳᠤ ᠦᠷᠡᠭᠳᠡᠭᠰᠡᠨ ᠪᠠᠭᠠᠲᠤᠷᠴᠤᠳ᠂ ᠠᠭᠤᠤ ᠶᠡᠭᠡ ᠴᠠᠭ ᠦᠶ᠎ᠡ ᠶᠢ ᠮᠠᠭᠲᠠᠨ ᠳᠠᠭᠤᠯᠠᠭᠰᠠᠨ ᠰᠢᠯᠢᠳᠡᠭ ᠪᠦᠲᠦᠭᠡᠯ ᠢ ᠨᠠᠶᠢᠷᠠᠭᠤᠯᠤᠨ ᠪᠢᠴᠢᠵᠤ᠂ ᠶᠠᠷᠢᠶ᠎ᠠ ᠢᠯᠡᠳᠭᠡᠯ ᠳᠤ ᠬᠤᠪᠢᠰᠬᠠᠯᠳᠤ ᠵᠣᠷᠢᠭ ᠰᠠᠨᠠᠭ᠎ᠠ ᠶᠢ ᠠᠭᠤᠰᠬᠠᠵᠤ᠂ ᠲᠡᠦᠬᠡ ᠶᠢ ᠭᠦᠨᠵᠡᠭᠡᠶ ᠠᠭᠤᠳᠠᠯᠵᠤ᠂ ᠰᠢᠨ᠎ᠡ ᠴᠠᠭ ᠦᠶ᠎ᠡ ᠶᠢᠨ ᠠᠭᠤᠤ ᠶᠡᠭᠡ ᠠᠮᠵᠢᠯᠲᠠ ᠪᠦᠲᠦᠮᠵᠢ ᠪᠠ ᠨᠠᠮ ᠤᠨ ᠭᠠᠪᠢᠶ᠎ᠠ ᠵᠢᠳᠬᠦᠯ ᠢ ᠮᠠᠭᠲᠠᠨ ᠳᠠᠭᠤᠯᠠᠵᠤ᠂ ᠲᠠᠶᠢᠯᠪᠤᠷᠢᠯᠠᠭᠴᠢ ᠶᠢᠨ ᠡᠩᠨᠡᠭᠡ ᠶᠢ ᠨᠡᠩ ᠰᠠᠶᠢᠳᠤᠷ ᠳᠠᠪᠲᠠᠨ ᠪᠣᠯᠪᠠᠰᠤᠷᠠᠭᠤᠯᠪᠠ᠃        ︽ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ︿ᠲᠤᠯᠤᠭ᠎ᠠ ᠳᠤ ᠣᠷᠣᠭᠤᠯᠬᠤ﹀ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠴᠡᠷᠢᠭ ᠤᠨ ᠬᠤᠸᠠᠷᠠᠨ ᠵᠡᠷᠭᠡ ᠭᠠᠵᠠᠷ ᠢᠶᠠᠷ ᠬᠦᠷᠴᠦ᠂ ᠬᠤᠪᠢᠰᠬᠠᠯᠳᠤ ᠦᠯᠢᠭᠡᠷ ᠢ ᠶᠠᠷᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠬᠴᠠᠯᠠᠭᠰᠠᠨ ᠦᠯᠢᠭᠡᠷ ᠢ ᠤᠬᠠᠭᠤᠯᠤᠨ ᠲᠠᠶᠢᠯᠪᠤᠷᠢᠯᠠᠵᠤ᠂ ᠨᠠᠮ ᠤᠨ ᠦᠯᠢᠭᠡᠷ᠂ ᠬᠤᠪᠢᠰᠬᠠᠯᠳᠤ ᠦᠯᠢᠭᠡᠷ᠂ ᠪᠠᠭᠠᠲᠤᠷᠴᠤᠳ ᠤᠨ ᠦᠯᠢᠭᠡᠷ ᠢ ᠰᠠᠶᠢᠲᠤᠷ ᠶᠠᠷᠢᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠰᠡᠳᠭᠢᠯᠭᠡ ᠶᠢ ᠵᠤᠵᠠᠭᠠᠳᠬᠠᠵᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠨᠠᠮ ᠢᠶᠠᠨ ᠡᠭᠦᠷᠢᠳᠡ ᠲᠠᠭᠠᠬᠤ ᠢᠲᠡᠭᠡᠯ ᠪᠢᠰᠢᠷᠡᠯ᠂ ᠢᠲᠡᠭᠡᠯ ᠵᠣᠷᠢᠭ ᠢ ᠲᠠᠰᠤᠷᠠᠯᠳᠡ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠪᠠᠳᠠᠷᠠᠭᠤᠯᠬᠤ ᠬᠠᠷᠢᠭᠤᠴᠠᠯᠭ᠎ᠠ ᠪᠠ ᠡᠭᠦᠷᠭᠡᠯᠡᠯ ᠢ ᠦᠨᠡᠨ ᠬᠦ ᠡᠭᠦᠷᠭᠡᠯᠡᠪᠡ︾ ᠬᠡᠵᠤ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠤ ᠤᠬᠠᠭᠤᠯᠭ᠎ᠠ ᠬᠥᠮᠦᠵᠢᠯ ᠤᠨ ᠬᠡᠯᠲᠡᠰ ᠤᠨ ᠡᠷᠬᠢᠯᠡᠭᠴᠢ ᠷᠦᠡᠭ ᠰᠢᠤᠧᠠᠢ ᠯᠢᠶᠠᠨ ᠬᠡᠯᠡᠵᠦ ᠪᠠᠶᠢᠯ᠎ᠠ᠃        ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠪᠣᠯ ᠬᠤᠪᠢᠰᠬᠠᠯᠳᠤ ᠲᠡᠦᠬᠡ ᠶᠢ ᠳᠡᠯᠭᠡᠨ ᠦᠵᠡᠭᠦᠯᠬᠦ ᠲᠠᠪᠴᠠᠩ ᠪᠣᠯᠬᠤ ᠪᠠᠷ ᠪᠠᠷᠠᠬᠤ ᠥᠬᠡᠶ ᠨᠠᠩ ᠴᠤ ᠬᠤᠪᠢᠰᠬᠠᠯ ᠤᠨ ᠤᠳᠤᠮᠰᠢᠯ ᠢ ᠤᠯᠠᠮᠵᠢᠯᠠᠨ ᠵᠠᠯᠭᠠᠮᠵᠢᠯᠠᠬᠤ᠂ ᠦᠨᠳᠦᠰᠦᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠴᠢᠬᠤᠯᠠ ᠵᠢᠭᠰᠠᠭᠠᠯ ᠤᠨ ᠭᠠᠵᠠᠷ ᠪᠣᠯᠤᠨ᠎ᠠ᠃ ᠬᠤᠶᠢᠰᠢᠳᠠ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠨᠢ ᠬᠤᠪᠢᠰᠬᠠᠯ ᠤᠨ ᠡᠬᠢ ᠪᠠᠶᠠᠯᠢᠭ ᠢ ᠦᠷᠭᠦᠯᠵᠢᠯᠡᠨ ᠰᠠᠶᠢᠲᠤᠷ ᠠᠰᠢᠭᠯᠠᠵᠤ᠂ ᠬᠤᠪᠢᠰᠬᠠᠯ ᠤᠨ ᠦᠯᠢᠭᠡᠷ ᠢ ᠰᠠᠶᠢᠲᠤᠷ ᠶᠠᠷᠢᠵᠤ᠂ ᠬᠤᠪᠢᠰᠬᠠᠯᠳᠤ ᠰᠣᠶᠣᠯ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠰᠠᠶᠢᠳᠤᠷ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠤᠳᠤᠯᠭᠠᠨ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ᠃  · ᠪᠠᠢ ᠰᠠᠴᠡᠨ ·
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号