| ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠠᠬᠢᠭᠤᠯᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ | ᠭᠠᠵᠠᠷ ᠤᠨ ︽ᠭᠠᠴᠠᠭ᠎ᠠ ᠲᠣᠰᠬᠤᠨ ᠠᠵᠤ ᠠᠬᠤᠶᠢᠯᠠᠯ ᠬᠠᠮᠲᠤᠷᠠᠨ ᠪᠠᠶᠢᠭᠤᠯᠬᠤ ᠴᠡᠪᠡᠷᠯᠡᠨ ᠲᠡᠭᠡᠭᠡᠪᠦᠷᠢᠯᠡᠬᠦ | ᠦᠢᠯᠡᠴᠢᠯᠡᠭᠡᠨ ᠤ ᠠᠩᠭᠢ︾ ᠬᠠᠷᠢᠶ᠎ᠠ ᠣᠷᠣᠨ ᠳᠤ ᠭᠦᠨᠵᠡᠭᠡᠶᠢᠷᠡᠵᠦ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠵᠤ | ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠣᠷᠳᠣ ᠬᠤᠭᠤᠴᠠᠭ᠎ᠠ ᠪᠠᠷ ᠪᠦᠲᠦᠮᠵᠢᠲᠡᠶ | ᠥᠷᠨᠢᠭᠦᠯᠦᠨ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠤᠨ ᠳᠦᠷᠰᠦ ᠪᠠᠶᠢᠳᠠᠯ ᠢ | ᠰᠢᠯᠢᠳᠡᠭᠵᠢᠭᠦᠯᠵᠦ᠂ ᠠᠷᠠᠳ ᠣᠯᠠᠨ ᠤ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃ | | | | | | | | | ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠵᠡᠭᠦᠨ ᠪᠠᠶᠠᠨ ᠳᠣᠬᠤᠢ | ᠭᠠᠴᠠᠭ᠎ᠠ ᠳᠤ ᠬᠦᠷᠬᠦ ᠳᠤ᠂ ︽ᠭᠠᠴᠠᠭ᠎ᠠ ᠠᠵᠤ ᠠᠬᠤᠶᠢᠯᠠᠯ ᠬᠠᠮᠲᠤᠷᠠᠨ ᠪᠠᠶᠢᠭᠤᠯᠬᠤ ᠴᠡᠪᠡᠷᠯᠡᠨ ᠲᠡᠭᠡᠭᠡᠪᠦᠷᠢᠯᠡᠬᠦ | ᠦᠢᠯᠡᠴᠢᠯᠡᠭᠡᠨ ᠤ ᠠᠩᠬᠢ︾ ᠶᠢᠨ ᠠᠵᠢᠯᠲᠠᠳ ᠨᠢᠭᠡᠳᠦᠯᠲᠡᠢ ᠬᠤᠪᠴᠠᠰᠤ ᠡᠮᠦᠰᠴᠦ᠂ ᠴᠡᠪᠡᠷᠯᠡᠬᠦ ᠪᠠᠭᠠᠵᠢ | ᠬᠡᠷᠡᠭᠰᠡᠯ ᠢᠶᠠᠨ ᠠᠪᠴᠤ᠂ ᠮᠠᠰᠢᠨ ᠮᠧᠬᠠᠨᠢᠭ ᠬᠦᠳᠡᠯᠭᠡᠵᠦ ᠭᠠᠴᠠᠭ᠎ᠠ ᠲᠣᠰᠬᠤᠨ ᠤ ᠳᠣᠲᠣᠷᠠᠬᠢ ᠶᠡᠭᠡ ᠵᠡᠭᠡᠯᠢ ᠵᠢᠵᠢᠭ | ᠭᠤᠳᠤᠮᠵᠢ᠂ ᠵᠠᠮ ᠤᠨ ᠬᠤᠶᠠᠷ ᠬᠠᠵᠠᠭᠤ᠂ ᠭᠤᠣᠯ ᠤᠨ ᠵᠠᠮ ᠤᠨ ᠭᠤᠤ ᠰᠤᠪᠠᠭ ᠵᠡᠷᠭᠡ ᠣᠷᠣᠨ ᠪᠦᠰᠡ ᠶᠢ ᠪᠦᠬᠦ | ᠲᠠᠯ᠎ᠠ ᠪᠠᠷ ᠴᠡᠪᠡᠷᠯᠡᠵᠦ᠂ ᠬᠥᠮᠦᠨ ᠤ ᠬᠦᠴᠦ ᠪᠣᠯᠤᠨ ᠮᠠᠰᠢᠨ ᠨᠢᠭᠲᠠ ᠬᠠᠮᠵᠢᠯᠴᠠᠵᠦ ᠤᠯᠠᠨ ᠲᠦᠮᠡᠨ ᠤ ᠣᠷᠣᠨ | ᠰᠠᠭᠤᠴᠠ ᠶᠢᠨ ᠣᠷᠴᠢᠨ ᠲᠣᠭᠤᠷᠢᠨ ᠢ ᠦᠨᠡᠨ ᠬᠦ ᠰᠠᠶᠢᠵᠢᠷᠠᠭᠤᠯᠪᠠ᠃ | | | | | | | | | ︽ᠵᠡᠭᠡᠯᠢ ᠶᠢᠨ ᠬᠢᠨ ᠮᠠᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠬᠠᠷᠢᠭᠤᠴᠠᠵᠤ | ᠡᠬᠢᠯᠡᠭᠰᠡᠨ ᠠᠴᠠ ᠠᠪᠤᠭᠠᠳ ᠭᠠᠴᠠᠭ᠎ᠠ ᠲᠣᠰᠬᠤᠨ ᠤ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠮᠠᠨ ᠤ | ᠠᠮᠢᠳᠤᠷᠠᠯ ᠨᠠᠩ ᠲᠠᠭᠠᠯᠠᠮᠵᠢᠲᠠᠶ ᠪᠣᠯᠵᠠᠢ︾ ᠭᠡᠵᠦ ᠭᠠᠴᠠᠭᠠᠨ ᠤ ᠠᠷᠠᠳ ᠶᠠᠩ ᠶᠤᠸᠠᠢ ᠯᠢᠶᠠᠩ ᠬᠡᠯᠡᠪᠡ᠃ | ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠶᠢᠨ ᠬᠡᠷᠡᠭ ᠡᠷᠬᠢᠯᠡᠬᠦ ᠭᠠᠵᠠᠷ ᠪᠣᠯ ᠬᠥᠳᠡᠭᠡ ᠲᠣᠰᠬᠤᠨ ᠪᠠ | ᠨᠡᠶᠢᠭᠡᠮ ᠲᠣᠭᠤᠷᠢᠭ ᠢ ᠤᠶᠠᠯᠳᠤᠭᠤᠯᠤᠭᠰᠠᠨ ᠬᠠᠷᠢᠶ᠎ᠠ ᠣᠷᠣᠨ ᠪᠣᠯᠤᠨ᠎ᠠ᠃ ᠣᠷᠣᠰᠢᠨ ᠰᠠᠭᠤᠷᠢᠰᠢᠬᠤ ᠣᠷᠴᠢᠨ | ᠨᠥᠭᠦᠴᠡᠯ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠳᠤ᠂ ᠤᠯᠠᠭᠠᠨᠬᠤᠲᠠ ᠶᠢᠨ ᠰᠢᠨ᠎ᠡ ᠬᠤᠲᠠ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠨᠡᠶᠢᠭᠡᠮ ᠲᠣᠭᠤᠷᠢᠭ ᠤᠨ ᠺᠠᠳ᠋ᠷ᠂ ᠭᠠᠴᠠᠭ᠎ᠠ ᠲᠣᠰᠬᠤᠨ ᠤ ᠠᠷᠠᠳ᠂ | ᠰᠠᠶᠢᠨ ᠳᠤᠷ᠎ᠠ ᠶᠢᠨ ᠦᠢᠯᠡᠴᠢᠯᠡᠭᠴᠢ ᠵᠡᠷᠭᠡ ᠬᠥᠮᠦᠰ ᠢ ᠵᠣᠬᠢᠶᠠᠨ ᠪᠠᠶᠢᠭᠤᠯᠵᠤ ︽ᠭᠠᠴᠠᠭ᠎ᠠ ᠲᠣᠰᠬᠤᠨ ᠠᠵᠤ | ᠠᠬᠤᠶᠢᠯᠠᠯ ᠬᠠᠮᠲᠤᠷᠠᠨ ᠪᠠᠶᠢᠭᠤᠯᠬᠤ ᠴᠡᠪᠡᠷᠯᠡᠨ ᠲᠡᠭᠡᠭᠡᠪᠦᠷᠢᠯᠡᠬᠦ ᠦᠢᠯᠡᠴᠢᠯᠡᠭᠡᠨ ᠤ ᠠᠩᠬᠢ︾ ᠶᠢ ᠪᠠᠶᠢᠭᠤᠯᠵᠤ᠂ | ᠵᠡᠭᠡᠯᠢ ᠭᠤᠳᠤᠮᠵᠢ ᠪᠣᠯᠤᠨ ᠲᠣᠰᠬᠤᠨ ᠤ ᠠᠷᠠᠳ ᠤᠨ ᠡᠬᠢ ᠪᠠᠶᠠᠯᠢᠭ ᠤᠨ ᠬᠦᠴᠦᠨ ᠢ ᠨᠡᠶᠢᠳᠬᠡᠬᠦ ᠪᠠᠷ ᠳᠠᠮᠵᠢᠨ᠂ | ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ | ᠨᠥᠭᠦᠴᠡᠯ ᠤᠨ ᠳᠤᠪᠤᠶᠢᠮ᠎ᠠ ᠠᠰᠠᠭᠤᠳᠠᠯ ᠢ ᠪᠠᠶᠢᠩᠭᠤᠵᠢᠭᠤᠯᠤᠨ ᠲᠥᠪᠯᠡᠷᠡᠭᠦᠯᠦᠨ ᠰᠢᠢᠳᠪᠦᠷᠢᠯᠡᠬᠦ ᠶᠢᠨ ᠲᠥᠯᠥᠭᠡ | ᠶᠤᠮ᠃ ᠡᠩᠨᠡᠭᠡ ᠪᠠᠶᠢᠭᠤᠯᠤᠭᠳᠠᠭᠰᠠᠨ ᠠᠴᠠ ᠨᠠᠭᠠᠰᠢ᠂ ᠨᠡᠶᠢᠲᠡ 400 ᠭᠠᠷᠤᠶ ᠬᠥᠮᠦᠨ ᠤᠳᠠᠭ᠎ᠠ ᠶᠢ ᠬᠥᠳᠡᠯᠭᠡᠵᠦ᠂ | ᠡᠯ᠎ᠡ ᠲᠥᠷᠥᠯ ᠤᠨ ᠮᠠᠰᠢᠨ ᠲᠥᠬᠦᠭᠡᠷᠦᠮᠵᠢ ᠶᠢ 500 ᠭᠠᠷᠤᠶ ᠤᠳᠠᠭ᠎ᠠ ᠬᠥᠳᠡᠯᠭᠡᠨ ᠬᠡᠷᠡᠭᠯᠡᠵᠦ᠂ 5000 ᠭᠠᠷᠤᠶ | ᠲᠣᠨ ᠬᠤᠭ ᠨᠣᠪᠰᠢ ᠶᠢ ᠴᠡᠪᠡᠷᠯᠡᠵᠦ᠂ 300 ᠭᠠᠷᠤᠶ ᠡᠷᠡᠭᠦᠯ ᠬᠠᠮᠠᠭᠠᠯᠠᠯ ᠤᠨ ᠪᠤᠯᠤᠩ ᠢ ᠴᠡᠭᠴᠡᠯᠡᠨ ᠵᠠᠰᠠᠵᠤ᠂ | ᠬᠠᠷᠢᠶ᠎ᠠ ᠣᠷᠣᠨ ᠤ ᠣᠷᠴᠢᠨ ᠠᠬᠤᠶ ᠶᠢᠨ ᠳᠦᠷᠰᠦ ᠪᠠᠶᠢᠳᠠᠯ ᠢ ᠪᠦᠲᠦᠮᠵᠢᠲᠡᠶ ᠰᠠᠶᠢᠵᠢᠷᠠᠭᠤᠯᠵᠤ᠂ ᠬᠥᠮᠦᠰ ᠤᠨ | ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢ ᠴᠡᠭᠴᠡᠯᠡᠨ ᠵᠠᠰᠠᠬᠤ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠪᠠ᠃ | | | | | | | ︽ᠪᠢᠳᠡ ᠠᠯᠳᠠᠭᠳᠠᠯ ᠢ ᠪᠠᠶᠢᠴᠠᠭᠠᠵᠤ ᠳᠤᠲᠠᠭᠤ ᠶᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ︿ᠴᠡᠭᠴᠡᠯᠡᠨ ᠵᠠᠰᠠᠵᠤ ᠳᠡᠭᠡᠭᠰᠢᠯᠡᠭᠦᠯᠬᠦ﹀ ᠳᠡᠭᠡᠷ᠎ᠡ ᠬᠦᠴᠦ ᠲᠠᠯᠪᠢᠵᠤ᠂ ︿ᠪᠠᠶᠢᠩᠭᠤ ᠶᠢᠨ ᠤᠷᠳᠤ ᠬᠤᠭᠤᠴᠠᠭᠠᠨ ᠤ | ᠪᠦᠲᠦᠮᠵᠢᠲᠡᠢ ᠪᠠᠶᠢᠬᠤ﹀ ᠳᠡᠭᠡᠷ᠎ᠡ ᠬᠦᠴᠦ ᠲᠠᠯᠪᠢᠵᠠᠢ᠃ ᠰᠠᠭᠤᠭᠠᠯᠢ ᠠᠷᠠᠳ ᠲᠤ ᠴᠡᠪᠡᠷ ᠲᠡᠭᠰᠢ ᠣᠷᠣᠨ | ᠰᠠᠭᠤᠴᠠ ᠶᠢᠨ ᠣᠷᠴᠢᠨ ᠲᠣᠭᠤᠷᠢᠨ ᠬᠠᠩᠭᠠᠵᠤ᠂ ᠬᠠᠷᠢᠶ᠎ᠠ ᠣᠷᠣᠨ ᠤ ᠶᠡᠷᠦᠩᠬᠡᠶᠢᠯᠡᠨ ᠵᠠᠰᠠᠬᠤ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠨᠥᠭᠦᠴᠡᠯ ᠢ ᠴᠡᠭᠴᠡᠯᠡᠨ | ᠵᠠᠰᠠᠬᠤ ᠠᠵᠢᠯ ᠢ ᠨᠠᠷᠢᠯᠢᠭᠵᠢᠭᠤᠯᠬᠤ ᠲᠡᠶᠢᠰᠢ ᠤᠷᠤᠭᠰᠢᠯᠠᠭᠤᠯᠤᠨ᠎ᠠ︾ ᠭᠡᠵᠦ ᠤᠯᠠᠭᠠᠨᠬᠤᠲᠠ ᠶᠢᠨ ᠰᠢᠨ᠎ᠡ ᠬᠤᠲᠠ | ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ ᠬᠡᠷ ᠤᠨ ᠠᠵᠢᠯᠲᠠᠨ ᠰᠢᠤᠢ | ᠶᠦᠨ ᠱᠧᠩ ᠬᠡᠯᠡᠪᠡ᠃ | |