ᠰᠦᠬᠡ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠳᠤ ᠰᠢᠨᠵᠢᠯᠡᠨ ᠪᠠᠶᠢᠴᠠᠭᠠᠯᠳᠠ ᠬᠢᠵᠠᠢ
ᠨᠡᠶᠢᠲᠡᠯᠡᠭᠰᠡᠨ ᠴᠠᠭ᠄
2025/4/8
        4 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠠᠶᠢᠮᠠᠭ ᠤᠨ ᠤᠰᠤᠨ ᠠᠰᠢᠭᠯᠠᠯᠲᠠ ᠶᠢᠨ ᠲᠤᠪᠴᠢᠶ᠎ᠠ ᠳᠤ ᠰᠢᠨᠵᠢᠯᠡᠨ ᠪᠠᠶᠢᠴᠠᠭᠠᠯᠳᠠ ᠬᠢᠵᠦ᠂ ᠤᠰᠤ ᠠᠷᠪᠢᠯᠠᠬᠤ ᠠᠵᠢᠯᠯᠠᠭ᠎ᠠ ᠪᠣᠯᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠬᠦᠯᠦᠯᠳᠡ ᠶᠢ ᠰᠤᠨᠤᠰᠪᠠ᠃        ᠰᠦᠬᠡ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤ ᠠᠷᠪᠢᠯᠠᠬᠤ ᠠᠵᠢᠯᠯᠠᠭ᠎ᠠ ᠦᠷᠨᠢᠬᠦᠯᠦᠭᠰᠡᠨ ᠪᠠᠶᠢᠳᠠᠯ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ ᠪᠡᠯᠡ ᠮᠦᠩᠬᠦ ᠤᠯᠬᠤ ᠵᠡᠷᠭᠡ ᠠᠵᠢᠯ ᠳᠤ ᠦᠨᠳᠦᠷ ᠦᠨᠡᠯᠡᠯᠳᠡ ᠦᠭᠬᠦ ᠶᠢᠨ ᠬᠠᠮᠳᠦ ᠤᠯᠠᠨ ᠢ ᠴᠢᠷᠮᠠᠶᠢᠭᠰᠠᠨ ᠲᠡᠭᠡᠷ᠎ᠠ ᠴᠢᠷᠮᠠᠶᠢᠵᠦ᠂ ᠰᠠᠶᠢᠨ ᠪᠠᠶᠢᠳᠠᠯ ᠢ ᠦᠷᠬᠦᠯᠵᠢᠯᠡᠨ ᠪᠠᠳᠤᠯᠠᠬᠤ ᠶᠢ ᠵᠤᠷᠢᠭᠵᠢᠭᠤᠯᠪᠠ᠃ ᠰᠦᠭᠡ ᠬᠡᠯᠡᠭᠰᠡᠨ ᠨᠢ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠤᠰᠤ ᠠᠷᠪᠢᠯᠠᠬᠤ ᠠᠵᠢᠯᠯᠠᠭ᠎ᠠ ᠳᠤᠮᠳᠠ ᠲᠦᠷᠦᠭᠦᠯᠡᠨ ᠬᠠᠷᠢᠭᠤᠴᠠᠬᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠡᠬᠦᠷᠭᠡ ᠴᠢᠳᠠᠪᠤᠷᠢ ᠶᠢᠨ ᠦᠢᠯᠡᠳᠦᠯ ᠢ ᠰᠠᠶᠢᠳᠤᠷ ᠡᠬᠦᠷᠭᠡᠯᠡᠵᠦ᠂ ︽ᠤᠰᠤ ᠳᠤᠲᠠᠬᠤ ᠦᠭᠡᠢ ᠴᠦ ᠭᠡᠰᠡᠨ ᠤᠰᠤ ᠠᠷᠪᠢᠯᠠᠬᠤ︾ ᠤᠶᠢᠯᠠᠭᠠᠭᠳᠠᠬᠤᠨ ᠢ ᠤᠯᠠᠮ ᠨᠢᠭᠡ ᠠᠯᠬᠤᠮ ᠪᠠᠲᠤ ᠪᠠᠬᠢ ᠪᠤᠢ ᠪᠣᠯᠭᠠᠵᠤ᠂ ᠬᠤᠯᠪᠤᠭᠳᠠᠯ ᠪᠦᠬᠦᠢ ᠲᠠᠯ᠎ᠠ ᠶᠢᠨ ᠬᠢᠨ ᠤ ᠨᠢᠭᠡᠨᠳᠡ ᠲᠤᠭᠳᠠᠭᠠᠭᠰᠠᠨ ᠡᠬᠦᠷᠭᠡ ᠶᠢ ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠠᠬᠢᠭᠤᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ᠂ ᠠᠮᠢ ᠠᠬᠤᠶ ᠶᠢᠨ ᠤᠰᠤ ᠠᠷᠪᠢᠯᠠᠵᠤ ᠤᠰᠤ ᠨᠥᠬᠦᠪᠥᠷᠢᠯᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠦᠷᠢᠮ ᠢᠶᠠᠷ ᠤᠰᠤ ᠶᠢ ᠬᠠᠮᠢᠶᠠᠷᠬᠤ᠂ ᠭᠦᠢᠴᠡᠳᠭᠡᠯ ᠲᠤᠭ᠎ᠠ ᠪᠠᠷ ᠤᠰᠤ ᠶᠢ ᠬᠢᠵᠠᠭᠠᠷᠯᠠᠬᠤ᠂ ᠠᠷᠭ᠎ᠠ ᠬᠡᠮᠵᠢᠶ᠎ᠡ ᠪᠠᠷ ᠤᠰᠤ ᠠᠷᠪᠢᠯᠠᠬᠤ᠂ ᠤᠯᠠᠨ ᠡᠬᠢᠳᠤ ᠤᠰᠤ ᠶᠢ ᠬᠡᠷᠡᠭᠯᠡᠬᠦ᠂ ᠦᠨ᠎ᠡ ᠬᠠᠩᠰᠢ ᠪᠠᠷ ᠤᠰᠤ ᠬᠠᠩᠭᠠᠬᠤ ᠵᠡᠷᠭᠡ ᠠᠵᠢᠯ ᠢ ᠪᠣᠳᠠᠲᠠᠶ ᠠᠳᠬᠤᠵᠤ᠂ ᠬᠢᠯᠠᠰ ᠴᠡᠭ᠂ ᠰᠢᠨ᠎ᠡ ᠶᠢ ᠡᠭᠦᠳᠬᠦ ᠴᠡᠭ ᠢ ᠢᠯᠡᠬᠦᠭᠡᠨ ᠭᠠᠷᠭᠠᠬᠤ ᠪᠠᠷ ᠴᠢᠷᠮᠠᠶᠢᠬᠤ ᠬᠡᠷᠡᠭᠳᠡᠢ ᠭᠡᠪᠡ᠃ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠦᠷᠦᠯ ᠵᠦᠢᠯ ᠢ ᠦᠷᠭᠦᠯᠵᠢᠯᠡᠨ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ ᠂ ᠤᠰᠤᠨ ᠤ ᠡᠬᠢ ᠪᠠᠶᠠᠯᠢᠭ ᠤᠨ ᠳᠠᠪᠠᠭᠤᠯᠢᠭ ᠢ ᠲᠠᠰᠤᠷᠠᠯᠲᠠ ᠦᠭᠡᠢ ᠠᠮᠢ ᠠᠬᠤᠢ ᠶᠢᠨ ᠳᠠᠪᠠᠭᠤᠯᠢᠭ᠂ ᠠᠵᠤ ᠠᠬᠤᠢ ᠶᠢᠨ ᠳᠠᠪᠠᠭᠤᠯᠢᠭ᠂ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭᠲᠡᠢ᠃ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠵᠦ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠳᠤᠷ ᠠᠳᠬᠤᠵᠦ᠂ ᠭᠤᠣᠯ ᠮᠥᠷᠡᠨ ᠨᠠᠭᠤᠷ ᠪᠦᠷᠢᠳᠦ ᠶᠢᠨ ︽ᠲᠦᠷᠪᠡᠨ ᠲᠤᠷ᠎ᠠ ᠪᠠᠷ ᠢᠶᠠᠨ︾ ᠤ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠠᠵᠢᠯ ᠢ ᠪᠠᠶᠢᠭᠤᠵᠢᠭᠤᠯᠤᠨ ᠦᠷᠨᠢᠬᠦᠯᠵᠦ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠴᠢᠨᠠᠷ ᠰᠠᠶᠢᠳᠠᠢ ᠦᠨᠳᠦᠷ ᠪᠦᠳᠦᠮᠵᠢᠳᠡᠢ ᠪᠡᠶᠡᠯᠡᠬᠦᠯᠬᠦ ᠬᠡᠷᠡᠭᠳᠡᠢ ᠭᠡᠪᠡ᠃        ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ ᠣᠷᠣᠯᠴᠠᠵᠠᠶ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号