| 4 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠢ ᠵᠢᠶ ᠱᠦᠨ ᠤᠯᠠᠭᠠᠨᠬᠤᠲᠠ ᠳᠤ ᠰᠢᠨᠵᠢᠯᠡᠨ ᠪᠠᠶᠢᠴᠠᠭᠠᠯᠳᠠ ᠬᠢᠪᠡ᠃ | ᠢᠦᠢ ᠵᠢᠢ ᠱᠦᠨ ᠤᠷᠢᠳ ᠬᠤᠵᠢᠳ ᠯᠢ ᠵᠢᠩ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠨ ᠸᠧᠢ | ᠬᠤᠭ ᠨᠣᠪᠰᠢ ᠰᠢᠲᠠᠭᠠᠵᠤ ᠴᠠᠬᠢᠯᠭᠠᠨ ᠭᠠᠷᠭᠠᠬᠤ ᠦᠢᠯᠡᠳᠪᠦᠷᠢ᠂ ᠭᠤᠤ ᠶᠢᠨ ᠠᠶᠢᠯ ᠬᠤᠳᠠ ᠬᠥᠳᠡᠭᠡ ᠶᠢᠨ ᠣᠷᠴᠢᠨ | ᠲᠣᠭᠤᠷᠢᠨ ᠤ ᠠᠷᠢᠭᠤᠨ ᠴᠡᠪᠡᠷ ᠢ ᠨᠢᠭᠡ ᠴᠤᠬᠴᠠᠵᠢᠭᠤᠯᠤᠬᠰᠠᠨ ᠬᠤᠭ ᠨᠣᠪᠰᠢ ᠳᠠᠮᠵᠢᠭᠤᠯᠬᠤ ᠦᠷᠳᠡᠭᠡ ᠳᠤ | ᠬᠦᠷᠴᠦ᠂ ᠪᠣᠬᠢᠷ ᠤᠰᠤ ᠰᠢᠢᠳᠪᠦᠷᠢᠯᠡᠬᠦ᠂ ᠬᠤᠭ ᠨᠤᠪᠰᠢ ᠰᠶᠢᠳᠪᠦᠷᠢᠯᠡᠬᠦ᠂ ᠤᠷᠴᠢᠨ ᠲᠤᠭᠤᠷᠢᠨ ᠤ ᠠᠷᠢᠭᠤᠨ | ᠴᠡᠪᠡᠷ ᠢ ᠴᠡᠭᠴᠡᠯᠡᠨ ᠵᠠᠰᠠᠬᠤ ᠵᠡᠷᠭᠡ ᠠᠵᠢᠯ ᠢ ᠲᠤᠬᠠᠢ ᠶᠢᠨ ᠭᠠᠵᠠᠷ ᠢᠶᠠᠷ ᠪᠠᠶᠢᠴᠠᠭᠠᠨ ᠦᠵᠡᠬᠦ ᠶᠢᠨ ᠬᠠᠮᠳᠦ ᠨᠠᠷᠢᠨ | ᠤᠶᠢᠯᠠᠭᠠᠪᠠ᠃ | ᠢᠦᠢ ᠵᠢᠢ ᠱᠦᠨ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠲᠦᠷᠢᠮ ᠢ ᠴᠢᠩᠭ᠎ᠠ | ᠬᠡᠷᠡᠭᠵᠢᠬᠦᠯᠵᠦ᠂ ᠡᠬᠢ ᠡᠭᠦᠰᠦᠯ ᠠᠴᠠ ᠨᠢ ᠬᠢᠨᠠᠨ ᠡᠵᠡᠮᠳᠡᠭᠦ ᠠᠴᠠ ᠡᠴᠦᠰ ᠤᠨ ᠭᠠᠳᠠᠭᠰᠢᠯᠠᠭᠤᠯᠤᠯᠲᠠ ᠬᠦᠷᠳᠡᠯᠡᠬᠢ | ᠪᠦᠬᠦ ᠶᠠᠪᠤᠴᠠ ᠶᠢᠨ ᠬᠢᠨᠡᠨ ᠬᠠᠮᠢᠶᠠᠷᠤᠯᠳᠠ ᠶᠢᠨ ᠰᠢᠰᠶᠧᠮ ᠢ ᠪᠠᠶᠢᠭᠤᠯᠵᠦ᠂ ᠰᠠᠭᠤᠭᠠᠯᠢ ᠠᠷᠠᠳ ᠤᠨ ᠤᠰᠤ ᠬᠡᠷᠡᠭᠯᠡᠬᠦ | ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠦ᠂ ᠬᠤᠳᠠ ᠶᠢᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠦᠢᠯᠡᠳᠪᠦᠷᠢ ᠶᠢᠨ | ᠲᠣᠭᠤᠷᠢᠭ ᠤᠨ ᠪᠠᠶᠢᠷᠢᠰᠢᠯ ᠢ ᠵᠦᠢ ᠵᠣᠬᠢᠰᠲᠠᠶ ᠲᠥᠯᠥᠪᠵᠢᠭᠦᠯᠵᠦ᠂ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ | ᠡᠮᠬᠢᠯᠡᠨ ᠨᠡᠶᠢᠯᠡᠭᠦᠯᠵᠦ᠂ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠯᠳᠡ ᠪᠠ ᠬᠠᠮᠢᠶᠠᠷᠤᠯᠲᠠ ᠶᠢ | ᠰᠢᠯᠢᠳᠡᠭᠵᠢᠭᠦᠯᠵᠦ᠂ ᠴᠡᠴᠡᠷᠯᠢᠭ ᠮᠠᠶ᠋ᠢᠭ ᠤᠨ ᠦᠢᠯᠡᠳᠪᠦᠷᠢ ᠶᠢᠨ ᠲᠣᠭᠤᠷᠢᠭ ᠤᠨ ᠣᠷᠴᠢᠨ ᠨᠥᠬᠦᠴᠡᠯ ᠢ ᠪᠤᠢ | ᠪᠣᠯᠭᠠᠵᠤ᠂ ᠤᠰᠤ ᠠᠷᠪᠢᠯᠠᠬᠤ ᠰᠤᠷᠭᠠᠨ ᠬᠥᠮᠦᠵᠢᠯ ᠤᠨ ᠰᠤᠳᠤᠯᠤᠨ ᠰᠤᠷᠤᠯᠴᠠᠬᠤ ᠵᠠᠭᠪᠤᠷ ᠤᠨ ᠰᠢᠨ᠎ᠡ ᠶᠢ | ᠡᠬᠦᠳᠴᠦ᠂ ᠦᠪᠡᠷ ᠤᠨ ᠦᠷᠳᠡᠭ ᠢ ᠪᠠᠭᠤᠷᠠᠭᠤᠯᠤᠨ ᠦᠷ᠎ᠠ ᠠᠰᠢᠭ ᠢ ᠨᠡᠮᠡᠭᠳᠡᠬᠦᠯᠬᠦ ᠶᠢ ᠪᠡᠶᠡᠯᠡᠬᠦᠯᠬᠦ ᠬᠡᠷᠡᠭᠳᠡᠢ᠃ | ᠪᠦᠬᠦ ᠠᠶᠢᠮᠠᠭ ᠤᠨ ᠬᠤᠭ ᠨᠤᠪᠴᠢ ᠶᠢᠨ ᠬᠡᠮᠵᠢᠶ᠎ᠡ ᠪᠠ ᠬᠤᠷᠢᠶᠠᠨ ᠲᠡᠭᠡᠭᠡᠪᠦᠷᠢᠯᠡᠬᠦ ᠣᠨᠴᠠᠯᠢᠭ ᠤᠨ ᠲᠣᠭᠤᠷᠢᠨ ᠳᠤ | ᠲᠥᠷᠥᠯ ᠬᠤᠪᠢᠶᠠᠨ ᠲᠠᠷᠬᠠᠭᠠᠬᠤ᠂ ᠲᠤᠰᠬᠠᠶ ᠮᠡᠷᠭᠡᠵᠢᠯ ᠢᠶᠠᠷ ᠬᠤᠷᠢᠶᠠᠨ ᠴᠤᠭᠯᠠᠭᠤᠯᠬᠤ᠂ ᠣᠶᠤᠨᠴᠢ ᠪᠠᠷ | ᠲᠡᠭᠡᠭᠡᠪᠦᠷᠢᠯᠡᠬᠦ᠂ ᠵᠢᠷᠤᠮᠵᠢᠭᠤᠯᠤᠨ ᠰᠶᠢᠳᠪᠦᠷᠢᠯᠡᠬᠦ ᠪᠥᠬᠦ ᠬᠡᠯᠬᠢᠶᠡᠲᠦ ᠬᠠᠮᠢᠶᠠᠷᠤᠯᠲᠠ ᠶᠢᠨ ᠰᠢᠰᠲ᠋ᠧᠮᠵᠢ ᠶᠢ | ᠪᠠᠶᠢᠭᠤᠯᠵᠤ᠂ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠤᠨ ᠡᠬᠢ ᠪᠠᠶᠠᠯᠢᠭ ᠤᠨ | ᠲᠤᠬᠢᠷᠠᠭᠤᠯᠤᠯᠳᠠ ᠶᠢ ᠰᠢᠯᠢᠳᠡᠭᠵᠢᠬᠦᠯᠦᠨ᠂ ᠬᠤᠭ ᠨᠣᠪᠰᠢ ᠶᠢ ᠰᠢᠢᠳᠪᠦᠷᠢᠯᠡᠬᠦ ᠶᠢ ᠠᠵᠤ ᠦᠢᠯᠡᠰᠵᠢᠭᠦᠯᠬᠦ᠂ ᠵᠠᠬ᠎ᠠ | ᠲᠡᠯᠭᠡᠬᠦᠷᠴᠢᠯᠡᠬᠦ ᠶᠢ ᠠᠬᠢᠭᠤᠯᠬᠤ ᠪᠠᠷ ᠲᠠᠮᠵᠢᠭᠤᠯᠤᠨ᠂ ᠠᠮᠢ ᠠᠬᠤᠢ ᠶᠢᠨ ᠦᠷ᠎ᠠ ᠠᠰᠢᠭ ᠬᠢᠭᠡᠳ ᠠᠵᠦ ᠠᠬᠤᠢ ᠶᠢᠨ | ᠦᠷ᠎ᠠ ᠠᠰᠢᠭ ᠤᠨ ᠬᠤᠤᠰ ᠠᠮᠵᠢᠯᠳᠠ ᠶᠢ ᠪᠡᠶᠡᠯᠡᠬᠦᠯᠵᠦ᠂ ᠬᠥᠮᠦᠰ ᠤᠨ ᠣᠷᠣᠰᠢᠨ ᠰᠠᠭᠤᠬᠤ ᠣᠷᠴᠢᠨ | ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ᠃ | ᠢᠦᠢ ᠵᠢᠢ ᠱᠦᠨ ᠪᠠᠰᠠ ᠠᠵᠢᠨᠠᠢ ᠠᠭᠤᠯᠠ ᠶᠢᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠭᠠᠵᠠᠷ ᠲᠤ | ᠬᠦᠷᠴᠦ᠂ ᠤᠢ ᠰᠢᠭᠤᠢ ᠶᠢ ᠲᠣᠭᠤᠷᠢᠨ ᠪᠠᠶᠢᠴᠠᠭᠠᠬᠤ ᠶᠢᠨ ᠬᠠᠮᠲᠤ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ | ᠠᠵᠢᠯ ᠢ ᠬᠢᠨᠠᠨ ᠵᠢᠯᠣᠭᠤᠳᠴᠤ ᠪᠠᠶᠢᠴᠠᠭᠠᠵᠠᠢ᠃ ᠲᠡᠷᠡ ᠴᠢᠬᠤᠯᠠᠴᠢᠯᠠᠭᠰᠠᠨ ᠨᠢ᠂ ᠤᠳᠤᠬᠠᠨ ᠳᠤ ᠶᠠᠭ ᠬᠠᠪᠤᠷ ᠤᠨ | ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠵᠠᠩᠬᠢᠯᠠᠭ᠎ᠠ ᠶᠢᠨ ᠬᠤᠭᠤᠴᠠᠭᠠᠨ ᠳᠤ ᠪᠤᠢ᠂ ᠡᠯ᠎ᠡ ᠱᠠᠳᠦ | ᠡᠯ᠎ᠡ ᠰᠠᠯᠠᠭ᠎ᠠ ᠮᠦᠴᠢᠷ ᠤᠨ ᠬᠢᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ | ᠵᠢᠵᠢᠬᠦᠷᠯᠡᠨ ᠰᠠᠬᠢᠬᠤ ᠪᠠ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ ᠶᠢ ᠴᠢᠩᠭᠠᠳᠬᠠᠵᠦ᠂ ᠪᠣᠯᠪᠠᠰᠤᠨ ᠢᠶᠠᠷ | ᠳᠠᠬᠢᠯᠭ᠎ᠠ ᠬᠢᠬᠦ ᠰᠢᠨ᠎ᠡ ᠰᠤᠷᠳᠠᠯ ᠢ ᠰᠠᠨᠠᠭᠠᠴᠢᠯᠠᠵᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠬᠦ ᠬᠡᠷᠡᠭᠲᠡᠢ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ | ᠠᠭᠤᠯᠠ︾ ᠭᠡᠬᠦ ᠤᠨᠤᠯ ᠢ ᠭᠦᠨᠵᠡᠭᠡᠢ ᠦᠢᠯᠡᠳᠦᠯᠭᠡᠵᠢᠭᠦᠯᠵᠦ᠂ ᠰᠢᠭᠤᠶᠢᠲᠤ ᠣᠷᠣᠨ ᠤ ᠠᠮᠢ ᠠᠬᠤᠢ ᠶᠢ ᠵᠠᠰᠠᠨ | ᠰᠡᠷᠭᠦᠭᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠭᠡᠬᠦ | ᠬᠠᠷᠢᠭᠤᠴᠠᠯᠭᠠᠲᠤ ᠰᠡᠳᠭᠢᠯᠭᠡ ᠪᠠᠷ ᠴᠢᠨᠠᠷ ᠰᠠᠶᠢᠲᠠᠢ ᠬᠥᠭᠵᠢᠯᠲᠡ ᠶᠢᠨ ︽ᠪᠣᠬᠢᠷᠲᠤᠯ ᠦᠭᠡᠢ ᠶᠢᠨ ᠰᠠᠭᠤᠷᠢ︾ ᠶᠢ | ᠰᠠᠶᠢᠲᠤᠷ ᠬᠠᠮᠠᠭᠠᠯᠠᠬᠤ ᠬᠡᠷᠡᠭᠲᠡᠢ ᠭᠡᠪᠡ᠃ ︵ᠵᠠᠩ ᠴᠢᠶᠠᠩ︶ | | | | |