ᠬᠢᠩᠭᠠᠨ ᠠᠶᠢᠮᠠᠭ ᠤᠨ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/4/8
        4 ᠰᠠᠷ᠎ᠠ ᠶᠢᠨ 2 ᠤᠨ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠭᠡ ᠬᠤᠷᠠᠯ ᠳᠤ ᠤᠷᠤᠯᠴᠠᠨ ᠶᠠᠷᠢᠶ᠎ᠠ ᠲᠠᠯᠪᠢᠵᠦ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠹᠧᠩ ᠠᠶ ᠰᠢᠶᠠ ᠬᠤᠷᠠᠯ ᠢ ᠡᠷᠭᠢᠯᠡᠵᠦ᠂ ᠠᠶᠢᠮᠠᠭ ᠤᠨ ᠤᠳᠤᠷᠢᠳᠤᠯᠭ᠎ᠠ ᠴᠧᠨ ᠵᠢᠩ ᠬᠤᠸᠠ ᠨᠠᠷ ᠬᠤᠷᠠᠯ ᠳᠤ ᠤᠷᠤᠯᠴᠠᠵᠠᠢ᠃ 3 ᠬᠤᠰᠢᠭᠤ ᠰᠢᠶᠠᠨ ᠬᠤᠲᠠ᠂ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃        ᠰᠦᠬᠡ ᠬᠡᠯᠡᠭᠰᠡᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠢᠳᠡᠨ ᠤ ᠠᠵᠢᠯ ᠢᠶᠠᠨ ᠰᠠᠶᠢᠳᠤᠷ ᠬᠢᠬᠦ ᠳᠤ ᠴᠢᠭᠯᠡᠯ ᠢ ᠲᠤᠳᠤᠷᠬᠠᠢ ᠵᠢᠭᠠᠨ ᠦᠭᠴᠦ᠂ ᠵᠢᠷᠤᠮᠵᠢᠯ ᠬᠠᠩᠭᠠᠭᠰᠠᠨ ᠪᠠᠶᠢᠨ᠎ᠠ᠃ ᠪᠦᠬᠦ ᠠᠶᠢᠮᠠᠭ ᠤᠨ ᠲᠡᠭᠡᠳᠦ ᠲᠤᠤᠷᠠᠳᠦ ᠱᠠᠳᠦ ᠪᠠᠷ ᠢᠶᠠᠨ ᠦᠵᠡᠯᠳᠠ ᠲᠠᠨᠢᠯᠳᠠ ᠪᠠᠨ ᠴᠢᠨᠠᠭᠰᠢᠳᠠ ᠬᠦᠨᠵᠡᠭᠡᠶᠢᠷᠡᠬᠦᠯᠵᠦ᠂ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠤᠨ ᠪᠠᠶᠢᠷᠢ ᠰᠠᠭᠤᠷᠢ᠂ ᠦᠢᠯᠡᠳᠦᠯ᠂ ᠡᠬᠦᠷᠭᠡ ᠬᠠᠷᠢᠭᠤᠴᠠᠯᠭ᠎ᠠ ᠶᠢ ᠬᠦᠨᠵᠡᠭᠡᠢ ᠤᠶᠢᠯᠠᠭᠠᠨ ᠤᠨᠤᠴᠠᠳᠠᠢ ᠡᠵᠡᠮᠳᠡᠵᠦ᠂ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠭᠢᠯᠭᠡ ᠲᠤᠯᠭᠠᠮ᠎ᠠ ᠰᠡᠳᠭᠢᠯᠭᠡ ᠪᠠᠨ ᠦᠨᠡᠨ ᠬᠦ ᠴᠢᠩᠭᠠᠷᠠᠭᠤᠯᠵᠦ᠂ ᠦᠭᠡᠷᠡᠴᠢᠯᠡᠯᠳᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠭᠢᠬᠦᠢ ᠪᠠᠷ ᠦᠢᠯᠡᠳᠦᠯᠭᠡ ᠶᠢᠨ ᠰᠦᠪᠡᠭᠴᠢᠯᠡᠯᠳᠡ ᠪᠠᠨ ᠬᠦᠨᠵᠡᠭᠡᠶᠢᠷᠡᠬᠦᠯᠵᠦ᠂ ᠪᠦᠬᠦ ᠠᠶᠢᠮᠠᠭ ᠤᠨ ᠨᠡᠶᠢᠭᠡᠮ ᠤᠨ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠭᠡᠪᠡ᠃        ᠰᠦᠬᠡ ᠬᠡᠯᠡᠭᠰᠡᠨ ᠨᠢ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠲᠠᠭᠠᠭᠤᠯᠬᠤ ᠶᠢ ᠴᠢᠩᠭᠠᠳᠬᠠᠬᠤ ᠲᠡᠭᠡᠷ᠎ᠠ ᠦᠷᠬᠦᠯᠵᠢᠯᠡᠨ ᠬᠦᠴᠦ ᠲᠠᠯᠪᠢᠵᠦ᠂ ᠪᠤᠳᠠᠳᠦ ᠦᠷ᠎ᠠ ᠪᠦᠳᠦᠮᠵᠢ ‍ᠤᠯᠬᠤ ᠶᠢ ᠡᠷᠬᠢᠮᠯᠡᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠦᠨᠳᠦᠰᠦᠨ ᠱᠠᠳᠤᠨ ᠤ ᠰᠠᠭᠤᠷᠢ ᠶᠢ ᠪᠠᠳᠤᠳᠬᠠᠬᠤ ᠲᠡᠭᠡᠷ᠎ᠠ ᠦᠷᠬᠦᠯᠵᠢᠯᠡᠨ ᠬᠦᠴᠦ ᠤᠷᠤᠭᠤᠯᠵᠦ᠂ ᠪᠤᠳᠠᠳᠦ ᠦᠷ᠎ᠠ ᠪᠦᠳᠦᠮᠵᠢ ᠤᠯᠬᠤ ᠶᠢ ᠡᠷᠬᠢᠮᠯᠡᠵᠦ᠂ ᠪᠦᠬᠦ ᠬᠦᠷᠢᠶᠡᠨ ᠳᠤ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠬᠦᠳᠬᠦ ᠶᠢ ᠠᠬᠢᠭᠤᠯᠵᠦ᠂ ︽ᠬᠦᠴᠦ ᠬᠦᠷᠦᠯᠴᠡᠬᠦ ᠦᠭᠡᠢ ᠪᠠᠷ ᠶᠡᠭᠡ ᠲᠡᠷᠭᠡ ᠶᠢ ᠲᠠᠳᠠᠬᠤ︾ ᠲᠤᠪᠤᠶᠢᠮ᠎ᠠ ᠠᠰᠠᠭᠤᠳᠠᠯ ᠢ ᠪᠦᠬᠦ ᠬᠦᠴᠦᠨ ᠢᠶᠠᠷ ᠢᠶᠠᠨ ᠴᠡᠭᠴᠡᠯᠡᠨ ᠵᠠᠰᠠᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ ᠳᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ᠃ ᠤᠯᠠᠨ ᠲᠦᠮᠡᠨ ᠳᠤ ᠦᠢᠯᠡᠴᠢᠯᠡᠬᠦ ᠶᠢ ᠨᠢᠭᠳᠠᠷᠠᠭᠤᠯᠬᠤ ᠲᠡᠭᠡᠷ᠎ᠠ ᠦᠷᠬᠦᠯᠵᠢᠯᠡᠨ ᠬᠦᠴᠦ ᠲᠠᠯᠪᠢᠵᠦ᠂ ᠪᠤᠳᠠᠳᠦ ᠦᠷ᠎ᠠ ᠪᠦᠳᠦᠮᠵᠢ ᠤᠯᠬᠤ ᠶᠢ ᠡᠷᠬᠢᠮᠯᠡᠵᠦ᠂ ︽ᠨᠠᠮ ᠤᠨ ᠠᠴᠢ ᠳᠤ ᠲᠠᠯᠠᠷᠬᠠᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠵᠥ ᠤᠷᠤᠬᠰᠢᠯᠠᠬᠤ︾ ᠤᠯᠠᠨ ᠲᠦᠮᠡᠨᠴᠢ ᠬᠥᠮᠦᠵᠢᠯ ᠢ ᠭᠦᠨᠵᠡᠭᠡᠢ ᠥᠷᠨᠢᠭᠦᠯᠵᠦ᠂ ᠠᠷᠠᠳ ᠲᠦᠮᠡᠨ ᠤ ᠰᠠᠨᠠᠯ ᠢ ᠴᠤᠭᠯᠠᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲ᠋ᠧᠮ ᠪᠣᠯᠤᠨ ᠨᠡᠶᠢᠭᠡᠮ ᠤᠨ ᠠᠵᠢᠯᠲᠠᠳ ᠤᠨ ᠡᠩᠨᠡᠭᠡ ᠶᠢᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠨᠡᠩ ᠰᠠᠶᠢᠨ ᠬᠠᠷᠢᠭᠤᠯᠲᠠ ᠥᠭᠴᠦ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠢ᠃ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠵᠥᠷᠢᠴᠡᠯ ᠵᠢᠭᠤᠷᠠᠯᠳᠤᠭᠠᠨ ᠢ ᠪᠦᠬᠦ ᠲᠠᠯ᠎ᠠ ᠪᠠᠷ ᠠᠷᠢᠯᠭᠠᠵᠤ᠂ ᠳᠤᠷ᠎ᠠ ᠪᠠᠷ ᠢᠶᠠᠨ ᠬᠠᠭᠠᠯᠪᠤᠷᠢᠯᠠᠵᠤ ᠳᠤᠷ᠎ᠠ ᠪᠠᠷ ᠢᠶᠠᠨ ᠣᠭᠲᠣᠯᠬᠤ ᠵᠡᠷᠭᠡ ᠳᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠨᠡᠶᠢᠭᠡᠮ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠪᠣᠯᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ ᠠᠵᠢᠯ ᠢ ᠬᠦᠴᠦᠯᠡᠨ ᠰᠠᠶᠢᠳᠤᠷ ᠠᠳᠬᠤᠵᠦ᠂ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠴᠢᠳᠠᠪᠤᠷᠢ ᠶᠢ ᠪᠦᠳᠦᠮᠵᠢᠳᠡᠢ ᠲᠡᠭᠡᠭᠰᠢᠯᠡᠬᠦᠯᠵᠦ᠂ ᠤᠯᠠᠨ ᠲᠦᠮᠡᠨ ᠤ ᠠᠮᠢᠳᠤᠷᠠᠯ ᠤᠨ ᠡᠶ᠎ᠡ ᠵᠣᠬᠢᠴᠠᠩᠭᠤᠢ ᠠᠮᠤᠷ ᠲᠤᠭᠳᠠᠭᠤᠨ᠂ ᠨᠡᠶᠢᠭᠡᠮ ᠤᠨ ᠡᠮᠬᠢ ᠳᠢᠭᠯᠢᠮ ᠢ ᠪᠠᠲᠤᠯᠠᠬᠤ ᠬᠡᠷᠡᠭᠲᠡᠢ᠃ ᠨᠠᠮ ᠤᠨ ᠨᠡᠶᠢᠭᠡᠮ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠨᠡᠶᠢᠳᠭᠡᠬᠦ ᠶᠢ ᠠᠬᠢᠭᠤᠯᠵᠤ ᠂ ᠬᠠᠮᠳᠦᠪᠡᠷ ᠠᠳᠬᠤᠵᠤ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠪᠡ         ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠬᠤᠰᠢᠭᠤ ᠰᠢᠶᠠᠨ ᠬᠤᠳᠠ ᠳᠤ ᠶᠠᠪᠤᠭᠳᠠᠪᠠ᠃ ︵ᠵᠠᠩ ᠸᠧᠢ ᠨᠠᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号