ᠰᠦᠬᠡ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠥ ᠭᠠᠯ ᠢ ᠤᠨᠳᠠᠷᠠᠭᠠᠬᠤ ᠠᠵᠢᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2025/4/8
        4 ᠰᠠᠷ᠎ᠠ ᠶᠢᠨ 4 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ ᠤᠷᠢᠳ ᠬᠤᠵᠢᠳ ᠠᠶᠢᠮᠠᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠪᠣᠯᠤᠨ ᠠᠶᠢᠮᠠᠭ ᠤᠨ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ ᠳᠤ ᠬᠦᠷᠴᠦ᠂ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠵᠥ ᠭᠠᠯ ᠢ ᠤᠨᠳᠠᠷᠠᠭᠠᠬᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠢ ᠰᠢᠨᠵᠢᠯᠡᠨ ᠪᠠᠶᠢᠴᠠᠭᠠᠵᠦ ᠱᠠᠯᠠᠪᠳᠠᠭᠤᠯᠤᠨ ᠵᠢᠯᠤᠭᠤᠳᠪᠠ᠃        ᠰᠦᠬᠡ ᠬᠡᠯᠡᠭᠰᠡᠨ ᠨᠢ᠂ ᠣᠳᠣᠬᠠᠨ ᠳᠤ ᠶᠠᠭ ᠰᠠᠶ᠋ᠢᠬᠠᠨ ᠬᠠᠪᠤᠷ ᠤᠨ ᠤᠯᠠᠷᠢᠯ ᠤᠨ ᠭᠠᠯ ᠰᠡᠷᠭᠡᠶᠢᠯᠡᠬᠦ ᠵᠠᠩᠬᠢᠯᠠᠭ᠎ᠠ ᠶᠢᠨ ᠬᠤᠭᠤᠴᠠᠭᠠᠨ ᠳᠤ ᠪᠠᠶᠢᠬᠤ ᠪᠦᠭᠡᠳ ᠬᠠᠩᠰᠢ ᠶᠢᠨ ᠲᠠᠬᠢᠯᠭ᠎ᠠ᠂ ᠬᠠᠪᠤᠷ ᠤᠨ ᠲᠠᠷᠢᠶᠠᠯᠠᠭ᠎ᠠ ᠦᠢᠯᠡᠳᠪᠦᠷᠢᠯᠡᠯ ᠲᠠᠢ ᠲᠤᠬᠢᠶᠠᠯᠳᠤᠵᠦ᠂ ᠭᠠᠯ ᠰᠡᠷᠭᠡᠶᠢᠯᠡᠬᠦ ᠪᠠᠶᠢᠳᠠᠯ ᠨᠡᠯᠢᠶᠡᠳ ᠬᠦᠨᠳᠦ ᠨᠤᠴᠢᠳᠠᠢ ᠪᠠᠶᠢᠨ᠎ᠠ᠃ ᠡᠯ᠎ᠡ ᠭᠠᠵᠠᠷ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠠᠷᠠᠳ ᠲᠦᠮᠡᠨ ᠢ ᠲᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ︽ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠳᠤᠯᠠᠬᠤ᠂ ᠠᠮᠢ ᠠᠬᠤᠶ ᠶᠢ ᠬᠠᠮᠠᠭᠠᠯᠠᠬᠤ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠢᠮᠠᠭᠲᠠ ᠬᠠᠷᠢᠭᠤᠴᠠᠯᠭᠠᠲᠤ ᠰᠡᠳᠭᠢᠯᠭᠡ ᠪᠠ ᠶᠠᠪᠤᠳᠠᠯ ᠪᠦᠬᠦᠨ ᠳᠤ ᠳᠣᠲᠣᠷ᠎ᠠ ᠪᠠᠨ ᠲᠤᠭ᠎ᠠ ᠲᠠᠢ ᠪᠠᠶᠢᠬᠤ ᠭᠦᠢᠴᠡᠳᠭᠡᠬᠦ ᠬᠦᠴᠦᠨ ᠢᠶᠠᠷ ᠬᠠᠪᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠵᠥ ᠭᠠᠯ ᠢ ᠤᠨᠲᠠᠷᠠᠭᠠᠬᠤ᠂ ᠭᠡᠨᠡᠳᠳᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠵᠡᠷᠭᠡ ᠡᠯ᠎ᠡ ᠲᠥᠷᠥᠯ ᠤᠨ ᠠᠵᠢᠯ ᠢ ᠰᠠᠶᠢᠳᠤᠷ ᠬᠢᠵᠦ᠂ ᠬᠦᠨᠳᠦ ᠶᠡᠭᠡ ᠭᠠᠯ ᠤᠨ ᠭᠠᠮᠰᠢᠭ ᠤᠨ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠵᠦ᠂ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠰᠠᠬᠢᠨ ᠬᠠᠮᠠᠭᠠᠯᠠᠬᠤ ᠬᠡᠷᠡᠭᠳᠡᠢ᠃ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠬᠤ ᠶᠢ ᠲᠤᠪᠤᠶᠢᠯᠭᠠᠵᠦ᠂ ᠲᠤᠰᠬᠠᠢ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠬᠦ᠂ ᠲᠤᠨᠤᠭ ᠲᠥᠬᠦᠭᠡᠷᠦᠮᠵᠢ ᠶᠢ ᠰᠢᠯᠢᠳᠡᠭᠵᠢᠭᠦᠯᠦᠨ ᠲᠤᠬᠢᠷᠠᠭᠤᠯᠬᠤ᠂ ᠪᠤᠳᠠᠳᠦ ᠰᠤᠷᠢᠯᠳᠠ ᠶᠢ ᠴᠢᠩᠭᠠᠳᠬᠠᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠪᠠᠷ ᠲᠠᠮᠵᠢᠭᠤᠯᠵᠦ᠂ ︽ᠠᠷᠠᠳ ᠢᠶᠠᠷ ᠰᠡᠷᠭᠡᠶᠢᠯᠡᠬᠦ + ᠪᠣᠳᠠᠰ ᠢᠶᠠᠷ ᠰᠡᠷᠭᠡᠶᠢᠯᠡᠬᠦ + ᠮᠡᠷᠭᠡᠵᠢᠯ ᠢᠶᠠᠷ ᠰᠡᠷᠭᠡᠶᠢᠯᠡᠬᠦ︾ ᠭᠤᠷᠪᠠ ᠶᠢ ᠨᠢᠭᠡ ᠴᠤᠬᠴᠠᠵᠢᠭᠤᠯᠤᠬᠰᠠᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠡᠷᠲᠡ ᠠᠴᠠ ᠢᠯᠡᠷᠡᠭᠦᠯᠵᠦ᠂ ᠪᠠᠭ᠎ᠠ ᠠᠴᠠ ᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠤᠳᠤᠷᠢᠳᠬᠤ ᠺᠠᠳ᠋ᠷ ᠤᠨ ᠠᠵᠢᠯ ᠤᠨ ᠪᠠᠶᠢᠷᠢ ᠳᠠᠭᠠᠨ ᠡᠭᠡᠯᠵᠢ ᠳᠠᠭᠠᠭᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠶᠢ ᠴᠢᠩᠭᠠᠷᠠᠭᠤᠯᠤᠨ᠂ ᠮᠡᠳᠡᠭᠡ ᠵᠠᠩᠭᠢ ᠶᠢ ᠰᠠᠭᠠᠳ ᠥᠬᠡᠶ ᠨᠡᠪᠲᠡᠷᠡᠭᠦᠯᠵᠦ᠂ ᠪᠠᠴᠢᠮ ᠪᠠᠶᠢᠳᠠᠯ ᠢ ᠠᠷᠭᠠᠴᠭᠠᠠᠬᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠦᠨ᠂ ᠵᠥᠪᠳᠡᠯᠴᠡᠨ ᠰᠤᠳᠤᠯᠤᠨ ᠮᠠᠭᠠᠳᠯᠠᠬᠤ᠂ ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠴᠢᠩᠭ᠎ᠠ ᠠᠳᠬᠤᠨ ᠪᠣᠳᠠᠲᠠᠶ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤ ᠲᠤᠰᠬᠠᠯ ᠭᠠᠷᠭᠠᠬᠤ ᠴᠢᠳᠠᠪᠤᠷᠢ ᠪᠠ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢ ᠤᠯᠠᠨ ᠲᠦᠮᠡᠨ ᠤ ᠡᠳᠦᠷ ᠳᠤᠳᠤᠮ ᠤᠨ ᠠᠮᠢᠳᠤᠷᠠᠯ ᠳᠤ ᠠᠭᠤᠰᠤᠯᠴᠠᠭᠤᠯᠵᠤ᠂ ᠪᠦᠬᠦ ᠠᠷᠠᠳ ᠢᠶᠠᠷ ᠢᠶᠠᠨ ᠤᠷᠤᠯᠴᠠᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠭᠠᠯ ᠰᠡᠷᠭᠡᠶᠢᠯᠡᠬᠦ ᠪᠠᠶᠢᠷᠢᠰᠢᠯ ᠢ ᠪᠠᠶᠢᠭᠤᠯᠬᠤ ᠬᠡᠷᠡᠭᠳᠡᠢ ᠭᠡᠪᠡ᠃        ᠠᠶᠢᠮᠠᠭ ᠤᠨ ᠤᠳᠤᠷᠢᠳᠤᠯᠭ᠎ᠠ ᠬᠥ᠋ ᠯᠢ ᠮᠢᠨ ᠰᠢᠨᠵᠢᠯᠡᠨ ᠪᠠᠶᠢᠴᠠᠭᠠᠯᠳᠠ ᠳᠤ ᠣᠷᠣᠯᠴᠠᠪᠠ᠃ ︵ᠬᠠᠨ ᠸᠧᠨ ᠪᠢᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号