ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠤ ᠠᠬᠤᠶᠢᠯᠠᠯ ᠢᠶᠠᠷ ᠭᠦᠨᠵᠡᠭᠡᠶᠢᠷᠡᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2025/4/8
       ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠵᠦ᠂ ᠣᠯᠠᠨ ᠠᠷᠭ᠎ᠠ ᠬᠡᠮᠵᠢᠶ᠎ᠡ ᠠᠪᠴᠤ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠢᠯᠴᠢᠨ ᠬᠡᠷᠡᠭᠯᠡᠬᠦ ᠠᠵᠤ ᠠᠬᠤᠶᠢᠯᠠᠯ ᠢᠶᠠᠷ ᠭᠦᠨᠵᠡᠭᠡᠶᠢᠷᠡᠨ ᠦᠢᠯᠡᠴᠢᠯᠡᠭᠡ ᠬᠦᠷᠭᠡᠵᠦ᠂ ᠪᠣᠳᠠᠲᠤ ᠪᠠᠶᠢᠳᠠᠯ ᠢ ᠨᠢ ᠦᠨᠳᠦᠰᠦᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠪᠡ᠃
1.jpg
       ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠲᠣᠰ ᠲᠣᠰ ᠥᠪᠥᠷ ᠮᠣᠩᠭᠤᠯ ᠤᠨ ᠬᠤᠩ ᠺᠦᠨ ᠪᠥᠲᠥᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠪᠠ ᠬᠢᠩᠭᠠᠨ ᠠᠶᠢᠮᠠᠭ ᠤᠨ ᠱᠠᠨ ᠲᠠᠢ ᠬᠤᠲᠠ ᠶᠢᠨ ᠵᠠᠰᠠᠭ ᠤᠨ ᠶᠠᠪᠤᠳᠠᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠲᠥᠯᠥᠭᠡᠯᠡᠭᠴᠢᠳ ᠲᠠᠢ ᠠᠵᠢᠯᠲᠠᠨ ᠡᠯᠰᠡᠬᠦ᠂ ᠴᠢᠳᠠᠪᠤᠷᠢᠲᠠᠨ ᠢ ᠬᠥᠮᠦᠵᠢᠭᠦᠯᠬᠦ ᠵᠢᠴᠢ ᠬᠥᠳᠡᠯᠮᠦᠷᠢ ᠶᠢᠨ ᠬᠠᠷᠢᠴᠠᠭ᠎ᠠ ᠵᠡᠷᠭᠡ ᠲᠠᠯ᠎ᠠ ᠪᠠᠷ ᠰᠤᠳᠤᠯᠤᠨ ᠶᠠᠷᠢᠯᠴᠠᠭᠰᠠᠨ ᠪᠥᠭᠡᠳ ᠠᠵᠤ ᠠᠬᠤᠶᠢᠯᠠᠯ ᠳᠤ ᠬᠠᠮᠢᠶ᠎ᠠ ᠪᠥᠬᠦᠶ ᠳᠠᠷᠤᠭᠠᠰᠤ ᠶᠢ ᠬᠥᠩᠭᠡᠷᠡᠭᠦᠯᠬᠦ ᠲᠥᠷᠥ ᠶᠢᠨ ᠪᠣᠳᠣᠯᠭ᠎ᠠ᠂ ᠠᠵᠢᠯ ᠣᠯᠭᠤᠯᠲᠠ ᠶᠢᠨ ᠨᠥᠬᠦᠪᠥᠷᠢ ᠵᠢᠴᠢ ᠰᠦᠢᠳᠬᠡᠯ ᠬᠤᠷᠢᠶᠠᠬᠤ ᠥᠬᠡᠶ ᠪᠠᠷ ᠪᠣᠯᠪᠠᠰᠤᠷᠠᠯ ᠬᠢᠬᠦ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠥᠭᠴᠦ᠂ ᠠᠵᠤ ᠠᠬᠤᠶᠢᠯᠠᠯ ᠢ ᠳᠠᠶᠢᠴᠢᠯᠠᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠵᠤ᠂ ᠣᠯᠠᠨ ᠶᠠᠩᠵᠤ ᠶᠢᠨ ᠠᠵᠢᠯᠲᠠᠨ ᠤ ᠪᠣᠯᠪᠠᠰᠤᠷᠠᠯ ᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠤᠯᠬᠤ ᠳᠤ ᠬᠦᠴᠦᠨ ᠨᠡᠮᠡᠷᠢᠯᠡᠬᠦ ᠶᠢ ᠵᠣᠷᠢᠭᠵᠢᠭᠤᠯᠪᠠ᠃
2.jpg
       ︽ᠠᠵᠤ ᠠᠬᠤᠶᠢᠯᠠᠯ ᠤᠨ ᠬᠥᠭᠵᠢᠯᠲᠡ ᠨᠢ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠠᠴᠠ ᠰᠠᠯᠵᠤ ᠴᠢᠳᠠᠬᠤ ᠥᠬᠡᠶ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠠᠵᠤ ᠠᠬᠤᠶᠢᠯᠠᠯ ᠳᠤ ᠭᠦᠨᠵᠡᠭᠡᠶᠢᠷᠡᠨ᠂ ᠪᠢᠳᠡᠨ ᠳᠤ ᠬᠠᠨᠳᠤᠯᠭᠠᠲᠤ ᠴᠢᠨᠠᠷᠲᠠᠶ ᠠᠵᠢᠯᠴᠢᠨ ᠬᠡᠷᠡᠭᠯᠡᠬᠦ ᠵᠢᠯᠣᠭᠤᠳᠣᠯᠭ᠎ᠠ ᠪᠠ ᠬᠠᠮᠢᠶᠠᠷᠤᠯᠲᠠ ᠶᠢᠨ ᠰᠡᠳᠬᠢᠮᠵᠢ ᠬᠠᠩᠭᠠᠵᠠᠢ᠂ ᠣᠲᠣ ᠠᠵᠤ ᠠᠬᠤᠶᠢᠯᠠᠯ ᠤᠨ ᠬᠥᠭᠵᠢᠯᠲᠡ ᠳᠤ ᠨᠠᠩ ᠢᠲᠡᠭᠡᠯ ᠵᠣᠷᠢᠭ ᠲᠠᠢ ᠪᠣᠯᠵᠠᠶ︾ ᠭᠡᠵᠦ ᠬᠢᠩᠭᠠᠨ ᠠᠶᠢᠮᠠᠭ ᠤᠨ ᠱᠠᠩ ᠲᠠᠢ ᠬᠤᠲᠠ ᠶᠢᠨ ᠵᠠᠰᠠᠭ ᠤᠨ ᠶᠠᠪᠤᠳᠠᠯ ᠤᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠡᠳ᠋ ᠵᠠᠬᠢᠷᠤᠯ ᠱᠢ ᠯᠢᠨ ᠬᠡᠯᠡᠪᠡ᠃       ᠲᠣᠰ ᠤᠳᠠᠭᠠᠨ ᠤ ᠠᠵᠢᠯᠯᠠᠭ᠎ᠠ ᠨᠢ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ ᠨᠠᠷᠢᠯᠢᠭ ᠨᠠᠶᠢᠳᠠᠪᠤᠷᠢᠵᠢᠭᠤᠯᠬᠤ ᠪᠠ ᠬᠥᠳᠡᠯᠮᠦᠷᠢ ᠶᠢᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠬᠦ ᠶᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠩ ᠲᠣᠳᠣᠷᠬᠠᠶ ᠣᠶᠢᠯᠠᠭᠠᠭᠤᠯᠵᠤ᠂ ᠠᠵᠢᠯ ᠣᠯᠭᠤᠯᠲᠠ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠴᠢᠨᠠᠷ ᠰᠠᠶᠢᠲᠠᠶ ᠠᠵᠢᠯ ᠣᠯᠭᠤᠯᠲᠠ ᠶᠢᠨ ᠠᠭᠤᠷ ᠠᠮᠢᠰᠬᠤᠯ ᠢ ᠪᠣᠶ ᠪᠣᠯᠭᠠᠪᠠ᠃
3.jpg
        ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠪᠠᠷ ᠭᠤᠤᠯ ᠭᠠᠷᠳᠠᠴᠠ ᠪᠣᠯᠭᠠᠵᠤ᠂ ᠠᠵᠢᠯ ᠣᠯᠭᠤᠵᠤ ᠦᠢᠯᠡᠰ ᠪᠣᠰᠬᠠᠬᠤ᠂ ᠬᠥᠳᠡᠯᠮᠦᠷᠢ ᠶᠢᠨ ᠬᠠᠷᠢᠴᠠᠭ᠎ᠠ ᠪᠠ ᠠᠵᠢᠯᠲᠠᠨ ᠤ ᠶᠠᠪᠤᠳᠠᠯ ᠴᠢᠳᠠᠪᠤᠷᠢᠲᠠᠨ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠬᠡᠷ ᠲᠤᠨᠢ ᠬᠦᠷᠴᠦ ᠦᠢᠯᠡᠴᠢᠯᠡᠨ᠂ ᠠᠵᠤ ᠠᠬᠤᠶᠢᠯᠠᠯ ᠳᠤ ᠦᠢᠯᠡᠴᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠢᠯᠴᠢᠨ ᠬᠡᠷᠡᠭᠯᠡᠬᠦ ᠰᠠᠶᠢᠨ ᠰᠠᠶᠢᠬᠠᠨ ᠣᠷᠴᠢᠨ ᠲᠣᠭᠤᠷᠢᠨ ᠪᠠ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠨ᠎ᠠ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号