ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠨᠴᠧᠩ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠤᠶᠤᠨ ᠮᠡᠳᠡᠷᠡᠯ ᠤᠨ ᠰᠠᠭᠠᠳ ᠲᠠᠢ ᠬᠦᠮᠦᠰ ᠲᠤ ᠬᠠᠶᠢᠷ᠎ᠠ ᠬᠠᠯᠠᠮᠵᠢ ᠬᠦᠷᠭᠡᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2025/4/8
        ᠬᠦᠨᠳᠤ ᠤᠶᠤᠨ ᠮᠡᠳᠡᠷᠡᠯ ᠤᠨ ᠰᠠᠭᠠᠳ ᠲᠠᠢ ᠬᠦᠮᠦᠰ ᠲᠤ ᠦᠢᠯᠡᠴᠢᠯᠡᠬᠦ ᠴᠢᠨᠡᠷ ᠴᠢᠨᠰᠠᠭ᠎ᠠ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠲᠡᠳᠡᠨ ᠤ ᠡᠪᠡᠳᠴᠢᠨ ᠬᠦᠳᠡᠯᠬᠦ ᠶᠢ ᠪᠦᠳᠦᠮᠵᠢᠳᠡᠢ ᠰᠡᠷᠬᠡᠶᠢᠯᠡᠨ ᠪᠠᠭᠠᠰᠬᠠᠵᠦ᠂ ᠶᠠᠳᠠᠭᠤ ᠬᠦᠴᠢᠷᠳᠡᠯᠳᠡᠢ ᠡᠪᠡᠳᠴᠢᠳᠡᠳ ᠤᠨ ᠠᠵᠦ ᠠᠬᠤᠢ ᠶᠢᠨ ᠲᠠᠷᠦᠭᠠᠰᠦ ᠶᠢ ᠬᠦᠡᠭᠭᠡᠷᠡᠬᠦᠯᠬᠦ ᠶᠢᠨ ᠲᠦᠯᠦᠬᠡ᠂ ᠤᠶᠢᠷ᠎ᠠ ᠶᠢᠨ ᠡᠳᠦᠷ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠰᠢᠨᠴᠧᠩ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠨᠢ ᠬᠢᠨᠭ᠍ᠭᠠᠨ ᠠᠶᠢᠮᠠᠭ ᠤᠨ ᠤᠶᠤᠨ ᠮᠡᠳᠡᠷᠡᠯ ᠤᠨ ᠡᠷᠡᠬᠦᠯ ᠬᠠᠮᠠᠭᠠᠯᠠᠯ ᠤᠨ ᠲᠦᠪ ᠲᠠᠢ ᠬᠠᠮᠳᠤᠷᠠᠨ ᠬᠠᠷᠢᠶᠠᠳᠤ ᠤᠷᠤᠨ ᠤ ᠬᠦᠨᠳᠤ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠡᠳ ᠲᠤ ᠦᠨ᠎ᠡ ᠲᠦᠯᠦᠪᠦᠷᠢ ᠦᠬᠡᠢ ᠡᠮᠴᠢᠯᠡᠭᠡ ᠬᠢᠵᠦ ᠦᠭᠬᠦ ᠶᠢᠨ ᠲᠠᠭᠠᠤ ᠡᠮ ᠤᠨ ᠵᠦᠢᠯᠡᠰ ᠲᠠᠷᠬᠠᠭᠠᠵᠦ ᠦᠭᠬᠦᠭᠰᠡᠨ ᠪᠦᠭᠡᠳ ᠪᠠᠰᠠ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠬᠠᠨᠭ᠍ᠭᠠᠵᠠᠢ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠮᠴᠢᠯᠡᠬᠡᠨ ᠤ ᠠᠵᠢᠯᠳᠠᠳ ᠡᠮᠴᠢᠯᠡᠬᠦᠯᠬᠦ ᠪᠠᠷ ᠢᠷᠡᠭᠰᠡᠨ ᠡᠪᠡᠳᠴᠢᠳᠡᠳ ᠤᠨ ᠤᠶᠤᠨ ᠮᠡᠳᠡᠷᠡᠯ ᠤᠨ ᠪᠠᠶᠢᠳᠠᠯ ᠵᠢᠴᠢ ᠡᠮ ᠬᠡᠷᠡᠭᠯᠡᠵᠦ ᠪᠠᠶᠢᠭ᠎ᠠ ᠪᠠᠶᠢᠳᠠᠯ ᠢ ᠨᠠᠷᠢᠯᠢᠭ ᠠᠰᠠᠭᠤᠵᠦ᠂ ᠪᠤᠳᠠᠳᠤ ᠪᠠᠶᠢᠳᠠᠯ ᠲᠠᠢ ᠨᠢ ᠤᠶᠠᠯᠳᠤᠭᠤᠯᠤᠨ᠂ ᠲᠡᠳᠡᠨ ᠳᠤ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠯᠳᠡ ᠬᠢᠵᠦ ᠦᠭᠬᠦᠭᠰᠡᠨ ᠪᠦᠭᠡᠳ ᠰᠡᠳᠬᠢᠴᠡ ᠶᠢᠨ ᠵᠢᠯᠤᠭᠤᠳᠤᠯᠭ᠎ᠠ ᠬᠢᠵᠦ ᠦᠭᠴᠡᠢ᠃ ᠡᠬᠦᠨ ᠤ ᠬᠠᠮᠳᠤ᠂ ᠡᠪᠡᠳᠴᠢᠳᠡᠳ ᠤᠨ ᠬᠡᠷ ᠤᠨ ᠬᠦᠮᠦᠰ ᠲᠤ ᠡᠳᠦᠷ ᠲᠤᠳᠤᠮ ᠤᠨ ᠠᠮᠢᠳᠦᠷᠠᠯ ᠤᠨ ᠰᠤᠪᠢᠯᠠᠯᠳᠠ᠂ ᠬᠡᠪ ᠤᠨ ᠪᠤᠰᠤ ᠪᠠᠶᠢᠳᠠᠯ ᠢ ᠪᠠᠴᠢᠮ ᠠᠷᠭᠠᠴᠠᠭᠠᠨ ᠰᠶᠢᠳᠪᠦᠷᠢᠯᠡᠬᠦ ᠵᠡᠷᠭᠡ ᠲᠠᠯ᠎ᠠ ᠪᠠᠷ ᠲᠤᠰᠬᠠᠢ ᠵᠢᠯᠤᠭᠤᠳᠤᠯᠭ᠎ᠠ ᠬᠢᠵᠦ ᠦᠭᠬᠦᠭᠰᠡᠨ ᠲᠡᠳᠦᠢ ᠦᠬᠡᠢ ᠪᠠᠰᠠ ᠬᠡᠷ ᠪᠦᠯᠢ ᠶᠢᠨ ᠡᠮᠴᠢ ᠶᠢᠨ ᠵᠦᠪᠯᠡᠯᠴᠡᠭᠡᠷ ᠤᠨ ᠦᠢᠯᠡᠴᠢᠯᠡᠭᠡ ᠶᠢᠨ ᠬᠤᠭᠤᠴᠠᠭ᠎ᠠ ᠨᠢ ᠲᠤᠯᠤᠬᠰᠠᠨ ᠤᠶᠤᠨ ᠮᠡᠳᠡᠷᠡᠯ ᠤᠨ ᠡᠪᠡᠳᠴᠢᠳᠡᠳ ᠲᠠᠢ ᠦᠷᠬᠦᠯᠵᠢᠯᠡᠨ ᠦᠢᠯᠡᠴᠢᠯᠡᠬᠦ ᠵᠦᠪᠯᠡᠯᠴᠡᠭᠡᠷ ᠲᠤᠬᠳᠠᠵᠠᠢ᠃        ᠲᠤᠰ ᠤᠳᠠᠭᠠᠨ ᠤ ᠠᠵᠢᠯᠯᠠᠭ᠎ᠠ ᠳᠤ ᠨᠡᠶᠢᠳᠡ ᠭᠤᠴᠢ ᠭᠠᠷᠦᠢ ᠡᠪᠡᠳᠴᠢᠳᠡᠳ ᠲᠤ ᠦᠨ᠎ᠡ ᠲᠦᠯᠦᠪᠦᠷᠢ ᠦᠬᠡᠢ ᠪᠠᠷ 11 ᠲᠦᠷᠦᠯ ᠤᠨ ᠡᠮ ᠲᠠᠷᠬᠠᠭᠠᠵᠦ᠂ ᠡᠪᠡᠳᠴᠢᠳᠡᠳ ᠵᠢᠴᠢ ᠬᠡᠷ ᠪᠦᠯᠢ ᠶᠢᠨ ᠠᠵᠦ ᠠᠬᠤᠢ ᠶᠢᠨ ᠲᠠᠷᠦᠭᠠᠰᠦ ᠶᠢ ᠬᠦᠡᠭᠭᠡᠷᠡᠬᠦᠯᠵᠦ᠂ ᠬᠠᠷᠢᠶᠠᠳᠤ ᠤᠷᠤᠨ ᠤ ᠬᠦᠨᠳᠤ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠡᠳ ᠢ ᠬᠠᠮᠢᠶᠠᠷᠬᠤ ᠠᠵᠢᠯ ᠳᠤ ᠪᠠᠳᠦᠳᠠᠢ ᠰᠠᠭᠤᠷᠢ ᠲᠠᠯᠪᠢᠵᠤ ᠦᠭᠬᠦᠭᠰᠡᠨ ᠪᠠᠶᠢᠨ᠎ᠠ᠃ ᠮᠧᠩ ᠢᠤᠢ ᠬᠠᠨ᠎ᠠ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号