| 4 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠤᠯᠠᠭᠠᠨᠬᠤᠲᠠ ᠶᠢᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠩ ᠹᠸᠢ ᠨᠡᠷ ᠤᠯᠠᠭᠠᠨᠬᠤᠲᠠ ᠶᠢᠨ | ᠰᠢᠨ᠎ᠡ ᠬᠤᠳᠠ ᠵᠡᠭᠡᠯᠢ ᠶᠢᠨ ᠵᠡᠭᠦᠨ ᠪᠠᠶᠠᠨ ᠳᠣᠬᠤᠢ ᠭᠠᠴᠠᠭ᠎ᠠ ᠶᠢᠨ ᠢᠳᠡᠭᠡᠨ ᠤ ᠮᠥᠭᠦ ᠶᠢᠨ ᠲᠦᠷᠦᠯ ᠵᠦᠢᠯ ᠤᠨ | ᠰᠠᠭᠤᠷᠢᠨ ᠭᠠᠵᠠᠷ ᠲᠤ ᠬᠦᠷᠴᠦ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠨᠠᠮ ᠤᠨ ᠠᠵᠢᠯ ᠤᠨ ᠵᠥᠪᠯᠡᠯ | ᠤᠨ ᠱᠦᠵᠢ ᠢᠦᠢ ᠰᠢᠶᠤᠤ ᠮᠢᠩ ᠪᠠᠷ᠎ᠠ ᠪᠣᠯᠪᠠ᠃ | | | | | | | ᠰᠦᠩ ᠹᠸᠢ ᠵᠢᠷᠤᠭ ᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠬᠤ ᠠᠷᠭ᠎ᠠ | ᠬᠡᠯᠪᠡᠷᠢ ᠪᠠᠷ ᠳᠠᠮᠵᠢᠨ᠂ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠬᠡᠪᠴᠢᠶ᠎ᠡ᠂ ᠠᠵᠤ ᠦᠢᠯᠡᠰ ᠤᠨ | ᠬᠡᠯᠬᠢᠶ᠎ᠡ ᠶᠢᠨ ᠪᠠᠶᠢᠷᠢᠰᠢᠭᠤᠯᠤᠯᠲᠠ᠂ ᠮᠡᠷᠭᠡᠵᠢᠯ ᠤᠨ ᠲᠤᠯᠭᠠᠭᠤᠷᠢᠯᠠᠯ᠂ ᠵᠠᠬ᠎ᠠ ᠳᠡᠯᠭᠡᠭᠦᠷ ᠤᠨ ᠢᠷᠡᠭᠡᠳᠦᠢ ᠶᠢᠨ | ᠲᠥᠯᠥᠪ ᠵᠢᠴᠢ ᠪᠣᠷᠣᠯᠠᠭᠤᠯᠭ᠎ᠠ ᠶᠢᠨ ᠠᠷᠭ᠎ᠠ ᠵᠠᠮ ᠵᠡᠷᠭᠡ ᠪᠠᠶᠢᠳᠠᠯ ᠢ ᠭᠤᠤᠯᠳᠠᠯᠭ᠎ᠠ ᠲᠠᠢ ᠣᠶᠢᠯᠠᠭᠠᠪᠠ᠃ | ᠨᠠᠮ ᠤᠨ ᠠᠵᠢᠯ ᠤᠨ ᠵᠥᠪᠯᠡᠯ ᠤᠨ ᠱᠦᠵᠢ ᠢᠦᠶ ᠰᠢᠶᠤᠤ ᠮᠢᠩ᠂ ᠢᠳᠡᠭᠡᠨ ᠤ ᠮᠦᠬᠦ ᠶᠢᠨ ᠲᠥᠷᠥᠯ | ᠵᠦᠢᠯ ᠪᠣᠯ ᠲᠠᠷᠢᠶᠠᠯᠠᠩ ᠲᠠᠢ ᠬᠤᠯᠪᠣᠭᠠᠯᠠᠵᠤ ᠲᠠᠷᠢᠶᠠᠯᠠᠩ ᠢ ᠳᠠᠶᠢᠴᠢᠯᠠᠬᠤ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠬᠤ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠣᠨᠴᠠᠯᠢᠭᠲᠤ ᠠᠵᠤ ᠦᠢᠯᠡᠰ ᠪᠣᠯᠤᠨ᠎ᠠ | ᠃ ᠰᠢᠨ᠎ᠡ ᠬᠤᠲᠠ ᠵᠡᠭᠡᠯᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ | ᠬᠥᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠤᠶᠠᠯᠳᠤᠭᠤᠯᠤᠨ᠂ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ᠂ ᠮᠡᠷᠭᠡᠵᠢᠯ ᠤᠨ ᠪᠣᠯᠪᠠᠰᠤᠷᠠᠯ | ᠵᠡᠷᠭᠡ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠪᠠᠶᠢᠭᠤᠯᠵᠤ᠂ | ᠲᠥᠷᠥᠯ ᠵᠦᠢᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠦᠢᠯᠡᠰ ᠢᠶᠠᠷ | ᠬᠠᠪᠰᠤᠷᠤᠨ ᠲᠡᠳᠬᠦᠬᠦ᠂ ᠮᠡᠷᠭᠡᠵᠢᠯ ᠤᠨ ᠪᠣᠯᠪᠠᠰᠤᠷᠠᠯ ᠬᠢᠬᠦ ᠪᠠᠷ ᠳᠠᠮᠵᠢᠨ᠂ ᠲᠠᠷᠢᠶᠠᠴᠢᠨ ᠡᠷᠦᠬᠡ ᠶᠢ ᠳᠠᠶᠢᠴᠢᠯᠠᠨ | ᠢᠳᠡᠭᠡᠨ ᠤ ᠮᠥᠭᠦ ᠶᠢᠨ ᠲᠠᠷᠢᠮᠠᠯ ᠢ ᠬᠥᠭᠵᠢᠭᠦᠯᠵᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ | ᠪᠡᠶᠡᠯᠡᠭᠦᠯᠦᠨ᠎ᠡ᠂ ᠡᠭᠦᠨ ᠤ ᠬᠠᠮᠲᠤ ᠡᠷᠬᠢᠨ ᠲᠣᠭᠤᠷᠢᠨ ᠤ ᠣᠯᠠᠨ ᠲᠦᠮᠡᠨ ᠳᠤ ᠠᠵᠢᠯ ᠤᠨ ᠪᠠᠶᠢᠷᠢ ᠬᠠᠩᠭᠠᠵᠤ᠂ | ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠤᠤᠰ | ᠠᠮᠵᠢᠯᠲᠠ ᠶᠢ ᠪᠡᠶᠡᠯᠡᠭᠦᠯᠦᠨ᠎ᠡ ᠭᠡᠪᠡ᠃ | | | |