ᠵᠢᠶᠠᠨ ᠰᠢᠩ ᠨᠡᠶᠢᠭᠡᠮ ᠲᠣᠭᠤᠷᠢᠭ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠦᠢᠯᠡᠴᠢᠯᠡᠭᠡ ᠬᠦᠷᠲᠡᠭᠡᠵᠡᠢ
ᠨᠡᠶᠢᠲᠡᠯᠡᠭᠰᠡᠨ ᠴᠠᠭ᠄
2025/4/8
        ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠬᠦ ᠶᠢᠨ ᠲᠦᠯᠦᠭᠡ᠂ 4 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠬᠢᠩᠭᠠᠨ ᠠᠶᠢᠮᠠᠭ ᠤᠨ ᠶᠦᠩ ᠱᠦᠸᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠵᠠᠩ ᠬᠠᠤᠯᠢᠴᠢ ᠤᠯᠠᠭᠠᠨᠬᠤᠲᠠ ᠶᠢᠨ ᠵᠢᠶᠠᠨ ᠰᠢᠩ ᠨᠡᠶᠢᠭᠡᠮ ᠲᠣᠭᠤᠷᠢᠭ ᠲᠤ ᠬᠦᠷᠴᠦ᠂ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠵᠥᠪᠯᠡᠯᠭᠡ ᠪᠠ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠵᠡᠷᠭᠡ ᠠᠯᠢ ᠣᠯᠠᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠪᠠ᠃       ᠠᠰᠠᠭᠤᠨ ᠯᠠᠪᠯᠠᠬᠤ ᠳᠤᠮᠳᠠ᠂ ᠵᠠᠩ ᠬᠠᠤᠯᠢᠴᠢ ᠰᠠᠭᠤᠭᠠᠯᠢ ᠠᠷᠠᠳ ᠤᠨ ᠶᠠᠷᠢᠶ᠎ᠠ ᠶᠢ ᠬᠦᠯᠢᠴᠡᠩᠭᠦᠶ ᠪᠠᠷ ᠰᠣᠨᠣᠰᠴᠤ᠂ ᠰᠠᠭᠤᠭᠠᠯᠢ ᠠᠷᠠᠳ ᠤᠨ ᠬᠠᠩᠭᠠᠭᠰᠠᠨ ᠬᠡᠷᠡᠭ ᠲᠠᠢ ᠬᠤᠯᠪᠣᠭᠳᠠᠬᠤ ᠪᠣᠶ ᠪᠥᠬᠦᠶ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠬᠦ ᠶᠢᠨ ᠬᠠᠮᠲᠤ ᠬᠡᠷᠡᠭ ᠲᠤ ᠨᠠᠷᠢᠨ ᠵᠠᠳᠠᠯᠤᠯᠲᠠ ᠬᠢᠵᠦ᠂ ᠬᠡᠷᠡᠭ ᠤᠨ ᠠᠰᠢᠭ ᠪᠠ ᠬᠡᠮ ᠰᠣᠭᠤᠭ ᠬᠤᠶᠠᠷ ᠲᠠᠯ᠎ᠠ ᠠᠴᠠ ᠲᠠᠶᠢᠯᠤᠮᠵᠢ ᠬᠢᠵᠦ᠂ ᠲᠤᠰᠬᠠᠶ ᠮᠡᠷᠭᠡᠵᠢᠯ ᠤᠨ ᠰᠠᠨᠠᠯ ᠭᠠᠷᠭᠠᠵᠤ᠂ ᠪᠠᠰᠠ ᠬᠠᠤᠯᠢ ᠴᠠᠭᠠᠵᠠ ᠶᠢᠨ ᠲᠠᠯ᠎ᠠ ᠠᠴᠠ ᠠᠰᠠᠭᠤᠨ ᠯᠠᠪᠯᠠᠭᠰᠠᠨ ᠰᠠᠭᠤᠭᠠᠯᠢ ᠠᠷᠠᠳ ᠲᠤ ᠰᠠᠨᠠᠭᠤᠯᠭ᠎ᠠ ᠳᠤᠷᠠᠳᠴᠤ᠂ ᠬᠤᠬᠢᠷᠠᠯ ᠨᠢ ᠶᠡᠬᠡᠰᠬᠦ ᠠᠴᠠ ᠵᠠᠶᠢᠯᠠᠰᠬᠢᠪᠠ᠃ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ᠄ ︽ᠡᠩ ᠤᠨ ᠦᠶ᠎ᠡ ᠳᠤ ᠬᠠᠤᠯᠢ ᠴᠠᠭᠠᠵᠠ ᠶᠢᠨ ᠠᠰᠠᠭᠤᠳᠠᠯ ᠲᠤᠯᠭᠠᠷᠠᠪᠠᠯ ᠬᠠᠮᠢᠭ᠎ᠠ ᠣᠴᠢᠵᠤ ᠠᠰᠠᠭᠤᠨ ᠯᠠᠪᠯᠠᠬᠤ ᠪᠠᠨ ᠮᠡᠳᠡᠬᠦ ᠥᠬᠡᠶ᠂ ᠡᠨᠡ ᠤᠳᠠᠭ᠎ᠠ ᠨᠡᠶᠢᠭᠡᠮ ᠲᠣᠭᠤᠷᠢᠭ ᠠᠴᠠ ᠲᠤᠰᠬᠠᠶ ᠮᠡᠷᠭᠡᠵᠢᠯ ᠤᠨ ᠬᠠᠪᠰᠤᠷᠤᠯᠭ᠎ᠠ ᠭᠥᠷᠳᠡᠵᠦ᠂ ᠦᠨᠡᠬᠡᠷ ᠲᠥᠬᠦᠮ ᠪᠣᠯᠵᠠᠢ︾ ᠭᠡᠪᠡ᠃        ᠲᠣᠰ ᠤᠳᠠᠭᠠᠨ ᠤ ᠬᠠᠤᠯᠢ ᠴᠠᠭᠠᠵᠠ ᠶᠢᠨ ᠵᠥᠪᠯᠡᠯᠭᠡ ᠥᠭᠬᠦ ᠠᠵᠢᠯᠯᠠᠭ᠎ᠠ ᠪᠠᠷ ᠳᠠᠮᠵᠢᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠮᠠᠳᠠᠭ ᠲᠠᠢ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠬᠠᠤᠯᠢ ᠶᠣᠰᠣᠨ ᠤ ᠠᠷᠭ᠎ᠠ ᠵᠠᠮ ᠢᠶᠠᠷ ᠳᠠᠮᠵᠢᠨ ᠵᠢᠭᠤᠷᠠᠯᠳᠤᠭᠠᠨ ᠢ ᠰᠢᠢᠳᠪᠦᠷᠢᠯᠡᠬᠦ ᠳᠤ ᠰᠠᠭᠤᠷᠢ ᠲᠠᠯᠪᠢᠵᠤ ᠥᠭᠴᠡᠶ᠃ ᠳᠠᠷᠠᠭᠠᠴᠢ ᠶᠢᠨ ᠠᠯᠬᠤᠮ ᠳᠤ᠂ ᠵᠢᠶᠠᠨ ᠰᠢᠩ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠬᠠᠤᠯᠢᠵᠢᠯ ᠤᠨ ᠬᠡᠷᠡᠭᠴᠡᠭᠡ ᠶᠢ ᠦᠷᠭᠦᠯᠵᠢᠯᠡᠨ ᠭᠦᠨᠵᠡᠭᠡᠢ ᠣᠶᠢᠯᠠᠭᠠᠵᠤ᠂ ᠥᠷᠭᠡᠨ ᠤᠯᠠᠨ ᠰᠠᠭᠤᠭᠠᠯᠢ ᠠᠷᠠᠳ ᠲᠤ ᠨᠡᠩ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠡᠭᠦᠨ ᠤ ᠬᠠᠮᠲᠤ᠂ ᠥᠷᠭᠡᠨ ᠣᠯᠠᠨ ᠰᠠᠭᠤᠭᠠᠯᠢ ᠠᠷᠠᠳ ᠨᠡᠶᠢᠭᠡᠮ ᠲᠣᠭᠤᠷᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠤᠯᠴᠠᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠡᠶ᠎ᠡ ᠵᠣᠬᠢᠴᠠᠯ ᠲᠠᠢ ᠰᠠᠶᠢᠨ ᠰᠠᠶᠢᠬᠠᠨ ᠬᠠᠤᠯᠢ ᠪᠠᠷ ᠵᠠᠰᠠᠬᠤ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠬᠤ ᠶᠢ ᠤᠷᠢᠶᠠᠯᠠᠵᠤ ᠪᠠᠶᠢᠨ᠎ᠠ᠃   
 
ᠢᠷᠡᠯᠲᠡ᠄ ᠳᠡᠭᠦᠯᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号