| ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ | ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠴᠢᠬᠤᠯᠠ ᠪᠠᠶᠢᠷᠢᠯᠠᠭᠤᠯᠤᠯᠲᠠ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ | ᠲᠣᠮᠣ ᠠᠶᠢᠮᠠᠭ ᠪᠣᠯᠤᠭᠰᠠᠨ ᠤ ᠬᠤᠪᠢ ᠳᠤ᠂ ᠬᠢᠩᠭᠠᠨ ᠠᠶᠢᠮᠠᠭ ᠠᠮᠤ ᠪᠤᠳᠠᠭᠠᠨ ᠤ ᠠᠮᠤᠷ ᠲᠦᠪᠰᠢᠨ ᠤ ᠤᠯᠤᠰ | ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠠᠶᠢᠮᠠᠭ ᠢ | ᠪᠥᠲᠥᠭᠡᠨ ᠪᠠᠶᠢᠭᠤᠯᠬᠤ ᠬᠠᠷᠠᠯᠲᠠ ᠪᠠᠨ ᠲᠣᠭᠲᠠᠭᠠᠵᠤ᠂ ︽ᠠᠵᠤ ᠦᠢᠯᠡᠰ ᠢ ᠬᠦᠴᠦᠷᠬᠡᠭᠵᠢᠭᠦᠯᠬᠦ᠂ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠣᠷᠴᠢᠨ ᠲᠣᠭᠤᠷᠢᠨ ᠢ ᠰᠢᠯᠢᠳᠡᠭᠵᠢᠭᠦᠯᠬᠦ︾ ᠭᠤᠷᠪᠠᠨ ᠴᠢᠭᠯᠡᠯ ᠢᠶᠠᠷ | ᠬᠦᠴᠦᠯᠡᠨ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ | ᠲᠠᠯ᠎ᠠ ᠪᠠᠷ ᠠᠬᠢᠭᠤᠯᠤᠨ ᠪᠣᠳᠠᠲᠠᠶ ᠳᠤ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠤᠯᠪᠠ᠃ | ᠠᠵᠤ ᠦᠢᠯᠡᠰ ᠢ ᠴᠢᠩᠭᠠᠳᠬᠠᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠰᠠᠭᠤᠷᠢ ᠶᠢ ᠪᠠᠬᠢᠵᠢᠭᠦᠯᠦᠨ᠎ᠠ᠃ | ᠬᠢᠩᠭᠠᠨ ᠠᠶᠢᠮᠠᠭ ᠤᠯᠤᠰ ᠤᠨ ᠳᠡᠰ ᠤᠨ ᠤᠳᠤ ᠦᠶ᠎ᠡ ᠶᠢᠨ ᠮᠠᠯ ᠠᠵᠤ ᠠᠬᠤᠢ ᠶᠢᠨ ᠲᠤᠷᠰᠢᠯᠲᠠ ᠶᠢᠨ ᠣᠷᠣᠨ ᠢ | ᠪᠦᠳᠦᠬᠡᠨ ᠪᠠᠶᠢᠭᠤᠯᠬᠤ ᠪᠠᠷ ᠬᠥᠲᠥᠯᠦᠮᠵᠢ ᠪᠣᠯᠭᠠᠵᠤ᠂ ︽ᠭᠠᠵᠠᠷ ᠰᠢᠷᠣᠢ᠂ ᠤᠰᠤ᠂ ᠲᠠᠷᠢᠮᠠᠯ︾ ᠤᠨ ᠰᠠᠭᠤᠷᠢ | ᠪᠦᠳᠦᠬᠡᠨ ᠪᠠᠶᠢᠭᠤᠯᠤᠯᠲᠠ ᠪᠣᠯᠤᠨ ︽ᠠᠮᠤ ᠪᠤᠳᠠᠭ᠎ᠠ᠂ ᠮᠢᠬ᠎ᠠ᠂ ᠰᠦ︾ ᠶᠢᠨ ᠦᠢᠯᠡᠳᠪᠦᠷᠢᠯᠡᠯ ᠤᠨ ᠴᠢᠳᠠᠪᠤᠷᠢ ᠶᠢᠨ | ᠳᠡᠭᠡᠭᠰᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠡᠨᠡ ᠵᠢᠯ 150 ᠲᠦᠮᠡᠨ ᠮᠦ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠢ ᠪᠦᠳᠦᠬᠡᠨ ᠪᠠᠶᠢᠭᠤᠯᠵᠤ᠂ ᠠᠮᠤ ᠪᠤᠳᠠᠭᠠᠨ ᠤ ᠤᠨᠠᠯᠲᠠ ᠶᠢ 140 ᠳ᠋ᠦᠩᠰᠢᠭᠤᠷ | ᠵᠢᠩ ᠠᠴᠠ ᠳᠡᠭᠡᠭᠰᠢ ᠲᠣᠭᠲᠠᠪᠤᠷᠢᠵᠢᠭᠤᠯᠵᠤ᠂ ᠮᠠᠯ ᠤᠨ ᠲᠤᠭ᠎ᠠ ᠳᠤᠯᠤᠭᠠᠢ ᠶᠢ 1300 ᠲᠦᠮᠡ ᠣᠷᠴᠢᠮ | ᠪᠠᠶᠢᠯᠭᠠᠬᠤ ᠶᠢ ᠪᠠᠳᠤᠯᠠᠨ᠎ᠠ᠃ ᠨᠢᠭᠡ ᠪᠦᠯᠦᠭ ᠤᠷᠲᠤᠳᠬᠠᠨ ᠬᠡᠯᠬᠢᠶᠡᠵᠢᠭᠦᠯᠬᠦ ᠠᠵᠤ ᠠᠬᠤᠶᠢᠯᠠᠯ ᠪᠠ ᠴᠢᠬᠤᠯᠠ ᠶᠡᠭᠡ | ᠲᠥᠷᠥᠯ ᠵᠦᠢᠯ ᠢ ᠬᠡᠷᠡᠭᠵᠢᠭᠦᠯᠵᠦ᠂ ᠡᠷᠳᠡᠨᠢ ᠰᠢᠰᠢ᠂ ᠲᠤᠲᠤᠷᠭ᠎ᠠ᠂ ᠦᠬᠡᠷ ᠤᠨ ᠮᠢᠬ᠎ᠠ᠂ ᠬᠤᠨᠢᠨ ᠮᠢᠬ᠎ᠠ ᠵᠡᠷᠭᠡ | ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠲᠠᠷᠢᠶᠠᠯᠠᠩ ᠤᠨ ᠪᠦᠳᠦᠭᠡᠭᠳᠡᠭᠦᠨ ᠮᠠᠯ ᠤᠨ | ᠠᠰᠢᠭ ᠰᠢᠮ᠎ᠡ ᠶᠢ ᠡᠳ᠋ᠰᠢᠭᠦᠯᠦᠨ ᠪᠤᠯᠪᠠᠰᠤᠷᠠᠭᠤᠯᠬᠤ ᠨᠣᠷᠮ᠎ᠠ ᠶᠢ 56% ᠠᠴᠠ ᠳᠠᠪᠠᠭᠤᠯᠬᠤ ᠶᠢ ᠠᠬᠢᠭᠤᠯᠵᠠᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ | ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠨᠤᠲᠤᠭ ᠪᠡᠯᠴᠢᠭᠡᠷ ᠤᠨ ᠨᠥᠬᠦᠪᠥᠷᠢ | ᠱᠠᠩᠨᠠᠯ ᠤᠨ ᠲᠣᠭᠲᠠᠴᠠ ᠶᠢᠨ ᠰᠢᠨ᠎ᠡ ᠶᠢ ᠡᠭᠦᠳᠴᠦ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠳᠦᠷᠡᠳᠡᠯ᠎ᠠ | ᠮᠠᠯᠵᠢᠬᠤ ᠠᠰᠠᠭᠤᠳᠠᠯ ᠢ ᠰᠢᠢᠳᠪᠦᠷᠢᠯᠡᠵᠠᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ | ᠰᠢᠪᠲᠤᠯᠬᠤ︾ ᠪᠠᠶᠢᠯᠳᠤᠬᠤ ᠪᠣᠳᠣᠯᠭ᠎ᠠ ᠶᠢ ᠴᠢᠩᠭᠠᠷᠠᠭᠤᠯᠵᠤ᠂ ᠰᠢᠷ᠎ᠠ ᠪᠤᠷᠴᠠᠭ ᠤᠨ ARC ᠠᠺᠠᠳᠧᠮᠢᠴᠢ ᠶᠢᠨ | ᠲᠤᠷᠰᠢᠯᠲᠠ ᠶᠢᠨ ᠥᠷᠲᠡᠭᠡ ᠪᠠ ᠥᠪᠥᠷ ᠮᠣᠩᠭᠤᠯ ᠤᠨ ᠵᠡᠭᠦᠨ ᠬᠡᠰᠡᠭ ᠤᠨ ᠬᠠᠷ᠎ᠠ ᠬᠥᠷᠥᠰᠥ ᠶᠢ ᠬᠠᠮᠠᠭᠠᠯᠠᠬᠤ | ᠰᠤᠳᠤᠯᠭᠠᠨ ᠤ ᠲᠥᠪ᠂ ᠬᠤᠵᠢᠷᠯᠢᠬ ᠭᠠᠵᠠᠷ ᠢ ᠵᠠᠰᠠᠬᠤ ᠰᠤᠳᠤᠯᠭᠠᠨ ᠤ ᠲᠥᠪ ᠲᠤ ᠲᠦᠰᠢᠭᠯᠡᠨ᠂ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ᠂ ᠬᠢᠶᠠᠬ ᠡᠪᠡᠰᠦ ᠳᠠᠷᠢᠬᠤ᠂ ᠬᠠᠷ᠎ᠠ ᠬᠥᠷᠥᠰᠥ ᠶᠢ ᠬᠠᠮᠠᠭᠠᠯᠠᠬᠤ᠂ ᠬᠤᠵᠢᠷᠯᠢᠬ | ᠭᠠᠵᠠᠷ ᠢ ᠵᠠᠰᠠᠬᠤ ᠵᠡᠷᠭᠡ ᠬᠦᠷᠢᠶ᠎ᠡ ᠴᠠᠷ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠲᠤᠬᠠᠶ ᠶᠢᠨ ᠭᠠᠵᠠᠷ ᠲᠤᠨᠢ ᠬᠤᠪᠢᠷᠠᠭᠤᠯᠬᠤ ᠡᠷᠴᠢᠮ ᠢ | ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠨ᠎ᠡ ᠴᠢᠨᠠᠷ ᠪᠦ᠋ᠬᠦᠢ | ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠬᠥᠲᠥᠯᠦᠨ ᠳᠠᠭᠠᠭᠤᠯᠵᠠᠢ᠃ | ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠡᠶ᠎ᠡ ᠵᠤᠬᠢᠴᠠᠩᠭᠤᠢ | ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠨ᠎ᠠ᠃ ᠬᠢᠩᠭᠠᠨ ᠠᠶᠢᠮᠠᠭ ︽ᠮᠢᠩᠭ᠎ᠠ ᠲᠦᠮᠡ ᠶᠢᠨ | ᠢᠨᠵᠧᠨᠧᠷᠢᠩ︾ ᠤᠨ ᠲᠥᠷᠥᠯ ᠵᠦᠢᠯ ᠢ ᠦᠷᠭᠦᠯᠵᠢᠯᠡᠨ ᠨᠠᠷᠢᠨ ᠨᠢᠮᠪᠠᠶ ᠲᠥᠯᠥᠪᠯᠡᠨ ᠬᠡᠷᠡᠭᠵᠢᠭᠦᠯᠵᠦ᠂ | ᠤᠯᠠᠭᠠᠨᠬᠤᠲᠠ ᠶᠢᠨ ᠲᠣᠭᠤᠷᠢᠯ ᠵᠠᠮ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ | ᠳᠡᠭᠡᠭᠰᠢᠯᠡᠭᠦᠯᠵᠦ᠂ ᠪᠤᠰᠤᠳ 4 ᠬᠤᠰᠢᠭᠤ ᠰᠢᠶᠠᠨ ᠬᠤᠲᠠ ᠳᠤ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ ᠬᠥᠳᠡᠭᠡ | ᠲᠣᠰᠬᠤᠨ ᠢ ᠪᠥᠲᠥᠭᠡᠨ ᠪᠠᠶᠢᠭᠤᠯᠵᠤ᠂ ᠬᠤᠲᠠ ᠬᠥᠳᠡᠭᠡ ᠶᠢᠨ ᠤᠰᠤ ᠬᠠᠩᠭᠠᠬᠤ ᠶᠢ ᠨᠢᠭᠡ ᠴᠤᠭᠴᠠᠵᠢᠭᠤᠯᠬᠤ᠂ | ᠲᠥᠪᠯᠡᠷᠡᠭᠦᠯᠦᠨ ᠤᠰᠤ ᠬᠠᠩᠭᠠᠬᠤ ᠶᠢ ᠬᠡᠪᠴᠢᠶᠡᠵᠢᠭᠦᠯᠬᠦ᠂ ᠵᠢᠵᠢᠭ ᠬᠡᠯᠪᠡᠷᠢ ᠶᠢᠨ ᠤᠰᠤ ᠬᠠᠩᠭᠠᠬᠤ ᠶᠢ | ᠵᠢᠷᠤᠮᠵᠢᠭᠤᠯᠬᠤ ᠪᠥᠲᠥᠭᠡᠨ ᠪᠠᠶᠢᠭᠤᠯᠤᠯᠲᠠ ᠶᠢ ᠲᠥᠷᠥᠯ ᠬᠤᠪᠢᠶᠠᠨ ᠠᠬᠢᠭᠤᠯᠵᠠᠢ᠃ ︵ᠯᠢ ᠤᠭ᠍ᠶᠦ︶ |