ᠦᠨᠡᠨ ᠢ ᠪᠠᠷᠢᠮᠲᠠᠯᠠᠨ ᠪᠣᠳᠠᠲᠤ ᠠᠵᠢᠯᠯᠠᠭ᠎ᠠ ᠶᠢ ᠡᠷᠬᠢᠮᠯᠡᠵᠦ ᠰᠤᠷᠤᠯᠴᠠᠯᠭ᠎ᠠ ᠶᠢ ᠠᠳᠬᠤᠵᠤ ᠤᠷᠲᠤ ᠬᠤᠭᠤᠴᠠᠭ᠎ᠠ ᠪᠠᠷ ᠵᠢᠳᠭᠦᠯ ᠴᠢᠷᠮᠠᠶᠢᠯᠭ᠎ᠠ ᠭᠠᠷᠭᠠᠰᠤᠭᠠᠢ
ᠨᠡᠶᠢᠲᠡᠯᠡᠭᠰᠡᠨ ᠴᠠᠭ᠄
2025/4/9
       — ᠬᠢᠩᠭᠠᠨ ᠠᠶᠢᠮᠠᠭ ᠤᠨ ᠦᠨᠳᠦᠷ ᠪᠠᠷᠢᠮᠵᠢᠶ᠎ᠠ ᠪᠠᠷ ᠴᠢᠨᠠᠷ ᠰᠠᠶᠢᠲᠠᠢ ᠰᠤᠷᠤᠯᠴᠠᠯᠭ᠎ᠠ ᠬᠥᠮᠦᠵᠢᠯ ᠢ ᠡᠬᠢᠯᠡᠭᠦᠯᠵᠦ ᠪᠠᠶᠢᠭ᠎ᠠ ᠳᠤᠬᠠᠢ ᠳᠡᠮᠳᠡᠭᠯᠡᠪᠡ       ᠲᠥᠪ ᠤᠨ ᠨᠠᠢᠮᠠᠨ ᠲᠣᠭᠲᠠᠭᠠᠯ ᠢ ᠭᠦᠨᠵᠡᠭᠡᠢ ᠳᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠢᠯᠠᠩᠭᠤᠶ᠎ᠠ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ ᠲᠤᠬᠠᠢ ᠴᠢᠬᠤᠯᠠ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠰᠢᠰᠲᠤᠮ ᠲᠠᠢ ᠲᠥᠯᠥᠪᠵᠢᠭᠦᠯᠵᠦ᠂ ᠯᠠᠪᠳᠠᠭᠤᠨ ᠪᠠᠲᠤᠲᠠᠢ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠥᠨᠳᠥᠷ ᠪᠠᠷᠢᠮᠵᠢᠶ᠎ᠠ ᠪᠦᠬᠦᠢ ᠡᠬᠢᠯᠡᠯᠲᠡ ᠶᠢ ᠪᠠᠲᠤᠯᠠᠵᠠᠢ᠃       ᠬᠠᠷᠢᠭᠤᠴᠠᠯᠭ᠎ᠠ ᠶᠢ ᠪᠤᠳᠠᠳᠠᠶᠢᠵᠢᠭᠤᠯᠤᠨ ᠱᠠᠭᠠᠷᠳᠠᠯᠭ᠎ᠠ ᠶᠢ ᠳᠤᠳᠤᠷᠬᠠᠶᠢᠯᠠᠪᠡ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠬᠠᠷᠠᠯᠲᠠ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠪᠥᠬᠦ ᠠᠶᠢᠮᠠᠭ ᠤᠨ ᠰᠤᠷᠤᠯᠴᠠᠯᠭ᠎ᠠ ᠬᠥᠮᠦᠵᠢᠯ ᠤᠨ ︽ᠠᠵᠢᠯ ᠤᠨ ᠲᠣᠬᠢᠷᠠᠭᠤᠯᠤᠯᠲᠠ︾ ᠪᠠ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ︽ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ︾ ᠶᠢ ᠲᠣᠭᠲᠠᠭᠠᠨ ᠲᠠᠷᠬᠠᠭᠠᠵᠤ᠂ ᠠᠶᠢᠮᠠᠭ᠂ ᠬᠤᠰᠢᠭᠤ᠂ ᠰᠢᠶᠠᠩ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠥᠷᠪᠡᠨ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠨᠢᠭᠡ ᠴᠤᠭᠴᠠᠵᠢᠭᠤᠯᠤᠨ ᠠᠬᠢᠭᠤᠯᠵᠤ᠂ ᠱᠠᠲᠤ ᠱᠠᠲᠤ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠪᠠ᠃ 3 ᠰᠠᠷ᠎ᠠ ᠶᠢᠨ 28 ᠤ ᠡᠳᠦᠷ ᠪᠣᠯᠲᠠᠯ᠎ᠠ᠂ ᠪᠥᠬᠦ ᠠᠶᠢᠮᠠᠭ ᠤᠨ 6 ᠬᠤᠰᠢᠭᠤ ᠰᠢᠶᠠᠨ ᠬᠤᠲᠠ᠂ ᠠᠶᠢᠮᠠᠭ ᠤᠨ 70 ᠰᠢᠭᠤᠳ ᠬᠠᠷᠢᠶ᠎ᠠ ᠰᠠᠯᠠᠭ᠎ᠠ ᠮᠥᠴᠢᠷ᠂ 56 ᠰᠤᠮᠤ ᠰᠢᠶᠠᠩ ᠪᠠᠯᠭᠠᠰᠤ᠂ 15 ᠬᠡᠷᠡᠭ ᠡᠷᠬᠢᠯᠠᠭᠦ ᠭᠠᠵᠠᠷ᠂ 3894 ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠴᠥᠮ ᠳᠡᠭᠡᠳᠦ ᠱᠠᠲᠤᠨ ᠤ ᠵᠣᠷᠢᠭ ᠰᠠᠨᠠᠭ᠎ᠠ ᠶᠢ ᠤᠯᠠᠮᠵᠢᠯᠠᠬᠤ᠂ ᠲᠣᠰ ᠱᠠᠲᠤᠨ ᠤ ᠠᠵᠢᠯ ᠢ ᠰᠤᠳᠤᠯᠬᠤ᠂ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ᠲᠥᠪᠯᠡᠷᠡᠭᠦᠯᠦᠨ ᠰᠤᠷᠤᠯᠴᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠤᠷᠤᠯᠴᠠᠯᠭ᠎ᠠ ᠬᠥᠮᠦᠵᠢᠯ ᠤᠨ ᠠᠵᠢᠯ ᠢ ᠡᠬᠢᠯᠡᠭᠦᠯᠦᠭᠰᠡᠨ ᠪᠠᠶᠢᠨ᠎ᠠ᠃       ᠭᠦᠨᠵᠡᠭᠡᠶ ᠰᠤᠷᠤᠯᠴᠠᠵᠤ ᠨᠢᠮᠪᠠᠶ ᠣᠶᠢᠯᠠᠭᠠᠵᠤ ᠰᠤᠷᠲᠠᠯ ᠢᠶᠠᠨ ᠬᠤᠪᠢᠷᠠᠭᠤᠯᠪᠡ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠨᠢ ᠲᠤᠰᠬᠠᠶ ᠰᠡᠳᠦᠪᠲᠦ ᠹᠢᠯᠢᠮ ᠪᠣᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ ᠵᠡᠷᠭᠡ ᠠᠷᠭ᠎ᠠ ᠬᠡᠯᠪᠡᠷᠢ ᠶᠢ ᠠᠪᠴᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠢ ᠭᠦᠨᠵᠡᠭᠡᠶ ᠰᠤᠷᠤᠯᠴᠠᠵᠤ᠂ ᠢᠯᠠᠩᠭᠤᠶ᠎ᠠ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠬᠤᠯᠪᠣᠭᠳᠠᠯ ᠪᠥᠬᠦᠶ ᠲᠤᠰᠬᠠᠶ ᠮᠡᠷᠭᠡᠵᠢᠯᠲᠡᠳ ᠢ ᠤᠷᠢᠵᠤ᠂ ︽ᠲᠥᠪ ᠬᠤᠷᠢᠶᠠᠨ ᠤ ᠨᠠᠢᠮᠠᠨ ᠲᠣᠭᠲᠠᠭᠠᠯ ᠢ ᠴᠥᠬᠦᠷᠡᠯ ᠥᠬᠡᠶ ᠳᠤᠭᠤᠰᠢᠯᠠᠭᠤᠯᠬᠤ︾ ᠰᠡᠳᠦᠪ ᠢᠶᠠᠷ ᠪᠥᠬᠦ ᠠᠶᠢᠮᠠᠭ ᠤᠨ ᠪᠣᠶ ᠪᠥᠬᠦᠶ ᠳᠡᠳ᠋ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠲᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠵᠦ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠳᠠᠬᠢᠨ ᠰᠤᠷᠤᠯᠴᠠᠬᠤ᠂ ᠳᠠᠬᠢᠨ ᠭᠦᠨᠵᠡᠭᠡᠶᠢᠷᠡᠭᠦᠯᠬᠦ᠂ ᠳᠠᠬᠢᠨ ᠣᠶᠢᠯᠠᠭᠠᠬᠤ ᠶᠢ ᠤᠯᠠᠮ ᠨᠢᠭᠡ ᠠᠯᠬᠤᠮ ᠠᠬᠢᠭᠤᠯᠵᠠᠢ᠃        ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠨᠠᠷᠢᠯᠢᠭ ᠣᠨᠣᠴᠠᠲᠠᠶ ᠪᠠᠷ ᠵᠢᠯᠣᠭᠤᠳᠪᠡ᠃ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠠᠵᠢᠯ ᠤᠨ ᠲᠤᠰᠬᠠᠶ ᠠᠩᠭᠢ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠴᠠᠭ ᠤᠨ ᠲᠣᠬᠢᠷᠠᠭᠤᠯᠤᠯᠲᠠ᠂ ᠡᠬᠢᠯᠡᠭᠦᠯᠬᠦ ᠠᠷᠭ᠎ᠠ ᠬᠡᠯᠪᠡᠷᠢ᠂ ᠰᠤᠷᠤᠯᠴᠠᠬᠤ ᠠᠭᠤᠯᠭ᠎ᠠ᠂ ᠰᠤᠷᠤᠯᠴᠠᠬᠤ ᠡᠲᠡᠭᠡᠳ᠂ ᠪᠣᠳᠠᠲᠠᠶ ᠡᠭᠦᠷᠭᠡ᠂ ᠠᠵᠢᠯ ᠤᠨ ᠠᠬᠢᠭᠤᠯᠤᠯ ᠵᠡᠷᠭᠡ 6 ᠲᠠᠯ᠎ᠠ ᠶᠢᠨ ᠲᠣᠭᠤᠷᠢᠨ ᠳᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ︽ᠡᠯ᠎ᠡ ᠱᠠᠲᠤᠨ ᠤ ᠨᠣᠮ ᠤᠩᠰᠢᠬᠤ ᠠᠩᠭᠢ ᠶᠢᠨ ᠰᠤᠷᠤᠯᠴᠠᠯᠭ᠎ᠠ ᠶᠢᠨ ᠯᠠᠪᠯᠠᠯᠲᠠ ᠶᠢᠨ ᠨᠠᠷᠢᠨ ᠲᠠᠩᠰᠠ︾᠂ ︽ᠬᠡᠯᠪᠡᠷᠢᠴᠢ ᠦᠵᠡᠯ ᠤᠨ ᠨᠠᠵᠠᠭᠠᠶ ᠲᠠᠯ᠎ᠠ ᠶᠢ ᠴᠢᠩᠭ᠎ᠠ ᠰᠡᠷᠭᠡᠶᠢᠯᠡᠬᠦ ᠨᠠᠷᠢᠨ ᠲᠠᠩᠰᠠ︾ ᠪᠠ ︽ᠡᠯᠧᠺᠲᠷᠣᠨ ᠵᠠᠷᠯᠠᠯ ᠤᠨ ᠤᠬᠠᠭᠤᠯᠭ᠎ᠠ ᠶᠢᠨ ᠨᠠᠷᠢᠨ ᠲᠠᠩᠰᠠ︾ ᠶᠢ ᠳᠠᠷᠤᠮᠠᠯᠯᠠᠨ ᠲᠠᠷᠬᠠᠭᠠᠵᠤ᠂ ᠠᠵᠢᠯ ᠤᠨ ᠲᠤᠰᠬᠠᠶ ᠠᠩᠭᠢ + ᠬᠤᠰᠢᠭᠤ ᠰᠢᠶᠠᠨ ᠬᠤᠲᠠ + ᠠᠶᠢᠮᠠᠭ ᠤᠨ ᠰᠢᠭᠤᠳ ᠬᠠᠷᠢᠶ᠎ᠠ ᠨᠠᠮ ᠤᠨ ᠬᠤᠷᠢᠶ᠎ᠠ ᠶᠢᠨ ︽1 + 6 + 7︾ ᠶᠢᠨ ᠬᠤᠯᠪᠣᠭ᠎ᠠ ᠠᠪᠴᠤ ᠵᠢᠯᠣᠭᠤᠳᠬᠤ ᠰᠢᠰᠲ᠋ᠧᠮ ᠢ ᠪᠠᠶᠢᠭᠤᠯᠤᠨ᠂ ᠴᠢᠭᠯᠡᠯᠳᠥ ᠴᠢᠨᠠᠷᠲᠠᠶ ᠪᠠᠷ ᠵᠢᠯᠣᠭᠤᠳᠴᠤ᠂ ᠰᠤᠷᠤᠯᠴᠠᠯᠭ᠎ᠠ ᠶᠠᠰᠤ ᠴᠢᠨᠠᠷ ᠲᠠᠢ᠂ ᠪᠠᠶᠢᠴᠠᠭᠠᠯᠲᠠ ᠡᠷᠴᠢᠮ ᠲᠠᠢ᠂ ᠥᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ ᠦᠨᠡᠨᠬᠦ ᠪᠠᠲᠤᠯᠠᠵᠠᠢ᠃ ︵ᠰᠢᠨ ᠸᠧᠨ︶
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号