| ᠥᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠨᠢᠰᠭᠡᠯ ᠤᠨ ᠪᠠᠭᠤᠳᠠᠯ ᠵᠣᠨ ᠤ ᠤᠯᠠᠷᠢᠯ ᠤᠨ | ᠡᠭᠡᠯᠵᠢ ᠶᠢᠨ ᠨᠢᠰᠭᠡᠯ ᠤᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠨᠡᠶᠢᠲᠡ 18 ᠵᠤᠷᠪᠤᠰ ᠠᠭᠠᠷ ᠤᠨ | ᠠᠶᠠᠯᠠᠯ ᠤᠨ ᠱᠤᠭᠤᠮ ᠢ ᠨᠡᠪᠲᠡᠷᠡᠭᠦᠯᠵᠦ᠂ ᠪᠡᠭᠡᠵᠢᠩ᠂ ᠱᠠᠩᠬᠠᠶ᠂ ᠭᠤᠸᠠᠩᠵᠸᠦ ᠵᠡᠷᠭᠡ ᠤᠯᠤᠰ ᠤᠨ | ᠳᠣᠲᠣᠭᠠᠳᠤ ᠶᠢᠨ 21 ᠬᠤᠲᠠ ᠳᠤ ᠨᠡᠪᠲᠡᠷᠡᠵᠦ᠂ ᠠᠭᠠᠷ ᠤᠨ ᠠᠶᠠᠯᠠᠯ ᠤᠨ ᠱᠤᠭᠤᠮ ᠤᠨ ᠰᠦᠯᠵᠢᠶ᠎ᠡ ᠶᠢ | ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠪᠦᠰᠡ ᠶᠢᠨ ᠠᠭᠠᠷ ᠤᠨ ᠠᠶᠠᠯᠠᠯ ᠤᠨ ᠵᠠᠩᠭᠢᠯᠠᠭ᠎ᠠ ᠶᠢᠨ ᠦᠢᠯᠡᠳᠦᠯ ᠢ | ᠤᠯᠠᠮ ᠨᠢᠭᠡ ᠠᠯᠬᠤᠮ ᠴᠢᠩᠭᠠᠷᠠᠭᠤᠯᠪᠠ᠃ | ᠲᠣᠰ ᠤᠳᠠᠭᠠᠨ ᠤ ᠵᠣᠨ ᠤ ᠤᠯᠠᠷᠢᠯ ᠤᠨ ᠠᠭᠠᠷ ᠤᠨ ᠠᠶᠠᠯᠠᠯ ᠳᠤ ᠭᠤᠤᠯᠳᠠᠭᠤ ᠭᠤᠷᠪᠠᠨ ᠶᠡᠭᠡ ᠣᠨᠴᠠᠯᠢᠭ | ᠢᠯᠡᠷᠡᠵᠡᠶ᠄ ᠨᠢᠭᠡ ᠳᠤ᠂ ︽ᠱᠢ ᠵᠢᠶᠠ ᠵᠤᠸᠠᠩ — ᠤᠯᠠᠭᠠᠨᠬᠤᠲᠠ — ᠬᠠᠷᠪᠢᠨ︾᠂ ︽ᠪᠤᠭᠤᠲᠤ — | ᠤᠯᠠᠭᠠᠨᠬᠤᠲᠠ — ᠷᠠᠰᠢᠶᠠᠨ︾ ᠭᠡᠬᠦ ᠬᠤᠶᠠᠷ ᠵᠤᠷᠪᠤᠰ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ | ᠨᠠᠪᠳᠡᠷᠠᠭᠦᠯᠵᠥ᠂ ᠣᠷᠣᠨ ᠪᠦᠰᠡ ᠶᠢᠨ ᠠᠭᠠᠷ ᠤᠨ ᠠᠶᠠᠯᠠᠯ ᠤᠨ ᠱᠤᠭᠤᠮ ᠤᠨ ᠲᠣᠤᠷ ᠰᠦᠯᠵᠢᠶ᠎ᠡ ᠶᠢ ᠨᠢᠭᠳᠠᠷᠠᠭᠤᠯᠵᠦ | ᠂ ᠵᠢᠭᠤᠯᠴᠢᠯᠠᠯ ᠤᠨ ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ︔ ᠬᠤᠶᠠᠷ ᠲᠤ᠂ ᠣᠷᠣᠨ ᠤ | ᠭᠠᠳᠠᠨᠠᠬᠢ 10 ᠭᠤᠤᠯᠳᠠᠯᠭ᠎ᠠ ᠲᠠᠢ ᠵᠢᠭᠤᠯᠴᠢᠯᠠᠬᠴᠢᠤᠨ ᠤᠨ ᠢᠷᠡᠯᠲᠡ ᠶᠢᠨ ᠬᠤᠲᠠ ᠬᠢᠭᠡᠳ ᠣᠷᠣᠨ ᠤ ᠳᠣᠲᠣᠷᠠᠬᠢ | 11 ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠢ ᠬᠠᠮᠤᠷᠤᠭᠰᠠᠨ ᠪᠣᠰᠤᠭ᠎ᠠ ᠴᠣᠭᠴᠠᠲᠤ ᠲᠣᠤᠷ ᠰᠦᠯᠵᠢᠶ᠎ᠡ ᠶᠢ | ᠪᠠᠶᠢᠭᠤᠯᠵᠠᠢ︔ ᠭᠤᠷᠪᠠ ᠳᠤ᠂ ᠵᠠᠰᠠᠭ ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ ᠲᠣᠭᠲᠠᠴᠠ ᠪᠠᠷ ᠳᠠᠮᠵᠢᠭᠤᠯᠤᠨ | ᠂ ᠠᠭᠠᠷ ᠤᠨ ᠠᠶᠠᠯᠠᠯ ᠤᠨ ᠺᠣᠮᠫᠠᠨᠢ ᠬᠢᠭᠡᠳ ᠵᠢᠭᠤᠯᠴᠢᠯᠠᠯ ᠤᠨ ᠠᠵᠤ ᠠᠬᠤᠶᠢᠯᠠᠯ ᠤᠨ ᠨᠢᠰᠭᠡᠯ ᠳᠠᠭᠠᠭᠠᠴᠢᠯᠠᠨ | ᠬᠡᠷᠡᠭᠯᠡᠬᠦ᠂ ᠪᠦᠯᠬᠦᠮ ᠨᠡᠶᠢᠲᠡ ᠳᠤ ᠬᠠᠷᠠᠭᠠᠯᠵᠠᠯ ᠦᠵᠡᠭᠦᠯᠬᠦ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠠᠬᠢᠭᠤᠯᠵᠠᠢ᠃ | ᠵᠣᠨ ᠤ ᠤᠯᠠᠷᠢᠯ ᠤᠨ ᠠᠭᠠᠷ ᠤᠨ ᠠᠶᠠᠯᠠᠯ ᠨᠢ ᠨᠠᠷᠢᠯᠢᠭ ᠣᠨᠣᠴᠠᠲᠠᠶ ᠪᠠᠷ ᠠᠭᠠᠷ ᠤᠨ ᠠᠶᠠᠯᠠᠯ ᠤᠨ | ᠱᠤᠭᠤᠮ ᠤᠨ ᠪᠠᠶᠢᠷᠢᠯᠠᠭᠤᠯᠤᠯᠲᠠ ᠪᠠ ᠵᠢᠭᠤᠯᠴᠢᠯᠠᠯ ᠤᠨ ᠬᠥᠭᠵᠢᠶᠠᠨᠲᠡᠶ ᠤᠯᠠᠷᠢᠯ ᠤᠨ ᠵᠠᠬ᠎ᠠ ᠳᠡᠯᠭᠡᠭᠦᠷ ᠤᠨ | ᠬᠡᠷᠡᠭᠴᠡᠭᠡ ᠶᠢ ᠲᠣᠬᠢᠷᠠᠭᠤᠯᠬᠤ ᠪᠠᠷ ᠳᠠᠮᠵᠢᠭᠤᠯᠤᠨ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ | ᠭᠠᠵᠠᠷ ᠤᠨ ᠵᠢᠭᠤᠯᠴᠢᠯᠠᠭᠴᠢᠳ ᠤᠨ ᠬᠢᠩᠭᠠᠨ ᠠᠶᠢᠮᠠᠭ ᠲᠤ ᠰᠡᠯᠡᠭᠦᠴᠡᠨ ᠵᠢᠭᠤᠯᠴᠢᠯᠠᠬᠤ᠂ ᠦᠨᠳᠦᠰᠦᠲᠡᠨ ᠤ ᠵᠠᠩ | ᠦᠢᠯᠡ ᠶᠢ ᠣᠶᠢᠯᠠᠭᠠᠬᠤ ᠳᠤ ᠳᠦᠭᠦᠮ ᠨᠦᠭᠦᠴᠡᠯ ᠬᠠᠨᠭ᠍ᠭᠠᠨ ᠦᠭᠴᠡᠢ᠃ ︽ᠠᠭᠠᠷ ᠤᠨ ᠠᠶᠠᠯᠠᠯ + ᠵᠢᠭᠤᠯᠴᠢᠯᠠᠯ︾ | ᠤᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶ ᠠᠭᠤᠰᠤᠯᠴᠠᠬᠤ ᠶᠢ ᠳᠠᠭᠠᠯᠳᠤᠨ᠂ ︽ᠬᠢᠩᠭᠠᠨ ᠳᠠᠪᠠᠭᠠᠨ ᠳᠠᠬᠢ | ᠬᠢᠩᠭᠠᠨ ᠠᠶᠢᠮᠠᠭ︾ ᠤᠨ ᠣᠷᠣᠨ ᠪᠦᠰᠡ ᠶᠢᠨ ᠨᠡᠷᠡᠳᠦ ᠳᠡᠮᠳᠡᠭ ᠤᠨ ᠳᠦᠷᠢ ᠲᠥᠷᠬᠦ ᠶᠢ ᠠᠯᠳᠠᠷᠰᠢᠭᠤᠯᠵᠦ᠂ ᠪᠥᠬᠦ | ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ | ᠨᠡᠮᠡᠷᠢᠯᠡᠵᠠᠢ᠃ ︵ᠯᠢ ᠤᠭ᠍ᠶᠦ︶ |