| ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠬᠦ ᠢᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ︽ᠤᠷᠢᠳᠴᠢᠯᠠᠨ ᠰᠡᠷᠭᠡᠶᠢᠯᠡᠬᠦ᠂ ᠡᠷᠲᠡ ᠢᠯᠡᠷᠡᠭᠦᠯᠬᠦ᠂ ᠪᠠᠭ᠎ᠠ ᠬᠡᠪᠴᠢᠶᠡᠨ ᠳᠤ ᠰᠢᠢᠳᠪᠦᠷᠢᠯᠡᠬᠦ︾ | ᠪᠠᠷ ᠭᠤᠣᠯᠳᠠᠭᠤᠯᠤᠨ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠦᠷᠭᠦᠯᠵᠢᠯᠡᠨ ᠵᠥᠪᠳᠡᠯᠴᠡᠬᠦ᠂ ᠤᠷᠢᠳᠴᠢᠯᠠᠨ | ᠰᠡᠷᠡᠮᠵᠢᠯᠡᠭᠦᠯᠵᠦ ᠨᠡᠶᠢᠲᠡᠯᠡᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠳᠠᠭᠠᠭᠤᠯᠢ ᠤᠳᠤ ᠪᠠᠷ ᠬᠢᠨᠠᠨ | ᠬᠡᠮᠵᠢᠬᠦ᠂ ᠭᠠᠵᠠᠷ ᠳᠡᠭᠡᠷ᠎ᠡ ᠲᠣᠭᠤᠷᠢᠨ ᠪᠠᠶᠢᠴᠠᠭᠠᠬᠤ᠂ ᠨᠢᠰᠭᠡᠯ ᠢᠶᠠᠷ ᠲᠣᠭᠤᠷᠢᠨ ᠬᠠᠮᠠᠭᠠᠯᠠᠬᠤ᠂ ᠸᠢᠳᠢᠣ᠋ ᠪᠠᠷ ᠬᠢᠨᠠᠨ | ᠡᠵᠡᠮᠳᠡᠬᠦ᠂ ᠬᠥᠮᠦᠨ ᠤ ᠬᠦᠴᠦ ᠪᠠᠷ ᠪᠠᠷᠠᠯᠠᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ︽ᠵᠢᠷᠭᠤᠭ᠎ᠠ | ᠶᠢ ᠨᠢᠭᠡ ᠴᠤᠬᠴᠠᠵᠢᠭᠤᠯᠬᠤ︾ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠲᠦᠢᠮᠡᠷ ᠤᠨ ᠪᠠᠶᠢᠳᠠᠯ ᠢ ᠬᠢᠨᠠᠨ ᠬᠡᠮᠵᠢᠬᠦ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠲᠦᠢᠮᠡᠷ ᠤᠨ ᠲᠦᠭᠰᠢᠭᠦᠷᠢ ᠶᠡᠬᠡᠲᠡᠶ ᠬᠤᠭᠤᠴᠠᠭᠠᠨ ᠳᠤ᠂ ᠪᠠᠴᠢᠮ ᠪᠠᠶᠢᠳᠠᠯ ᠢ | ᠠᠷᠭᠠᠴᠠᠭᠠᠬᠤ ᠬᠠᠮᠢᠶᠠᠷᠤᠯᠲᠠ᠂ ᠣᠶ ᠰᠢᠭᠤᠶ ᠪᠠ ᠨᠤᠲᠤᠭ ᠪᠡᠯᠴᠢᠭᠡᠷ᠂ ᠴᠠᠭ ᠠᠭᠤᠷ ᠵᠡᠷᠭᠡ ᠰᠠᠯᠠᠭ᠎ᠠ ᠮᠥᠴᠢᠷ ᠤᠳ | ᠴᠠᠭ ᠠᠭᠤᠷ ᠪᠣᠯᠤᠨ ᠲᠦᠢᠮᠡᠷ ᠤᠨ ᠠᠶᠤᠯ ᠤᠨ ᠬᠤᠪᠢᠷᠠᠯᠲᠠ ᠶᠢᠨ ᠬᠠᠨᠳᠤᠰᠢ ᠶᠢ ᠨᠢᠭᠲᠠ ᠠᠩᠬᠠᠷᠴᠤ᠂ ᠲᠦᠷ | ᠴᠠᠭ ᠤᠨ ᠰᠤᠳᠤᠯᠤᠨ ᠮᠠᠭᠠᠳᠯᠠᠬᠤ ᠪᠠ ᠰᠡᠷᠡᠮᠵᠢᠯᠡᠭᠦᠯᠦᠨ ᠲᠦᠷᠭᠡᠨ ᠮᠡᠳᠡᠭᠦᠯᠬᠦ ᠶᠢ ᠴᠢᠩᠭᠠᠳᠬᠠᠨ᠂ ᠲᠦᠢᠮᠡᠷ ᠤᠨ | ᠲᠦᠭᠰᠢᠭᠦᠷᠢ ᠶᠡᠬᠡᠲᠡᠶ ᠣᠷᠣᠨ ᠳᠤ ᠠᠮᠤᠷ ᠲᠦᠪᠰᠢᠨ ᠤ ᠰᠠᠨᠠᠭᠤᠯᠤᠮᠵᠢ ᠶᠢ ᠴᠠᠭ ᠲᠤᠬᠠᠶ ᠳᠤᠨᠢ ᠥᠭᠴᠦ᠂ | ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠰᠢᠭᠤᠳ ᠬᠦᠷᠬᠦ ᠭᠠᠮᠰᠢᠭ ᠤᠨ ︽ᠳᠠᠭᠤᠳᠠᠬᠤ︾ ᠲᠣᠭᠲᠠᠴᠠ ᠶᠢ | ᠨᠠᠶᠢᠳᠠᠪᠤᠷᠢᠵᠢᠭᠤᠯᠵᠦ᠂ ᠲᠦᠢᠮᠡᠷ ᠤᠨ ᠰᠡᠵᠢᠭᠯᠡᠯᠲᠡᠢ ᠪᠠᠶᠢᠳᠠᠯ ᠢ ᠦᠳᠲᠡᠷ ᠲᠦᠷᠭᠡᠨ ᠬᠢᠨᠠᠨ ᠪᠠᠶᠢᠴᠠᠭᠠᠵᠤ᠂ ᠴᠠᠭ | ᠲᠤᠬᠠᠶ ᠳᠤᠨᠢ ᠮᠡᠳᠡᠬᠦᠯᠦᠨ᠎ᠡ᠃ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠢ ᠴᠢᠩᠭᠠᠳᠬᠠᠨ᠎ᠠ᠃ ᠲᠦᠢᠮᠡᠷ ᠰᠡᠷᠭᠡᠶᠢᠯᠡᠬᠦ ᠬᠤᠭᠤᠴᠠᠭᠠᠨ ᠳᠤ | ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠣᠢ ᠰᠢᠭᠤᠶ ᠪᠠ ᠨᠤᠲᠤᠭ ᠪᠡᠯᠴᠢᠭᠡᠷ ᠤᠨ ᠲᠦᠢᠮᠡᠷ | ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠪᠠᠶᠢᠭᠤᠯᠤᠮᠵᠢ ᠨᠤᠭᠤᠳ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ | ᠴᠢᠩᠭ᠎ᠠ ᠬᠡᠷᠡᠭᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠣᠢ ᠰᠢᠭᠤᠶ ᠪᠠ ᠨᠤᠲᠤᠭ | ᠪᠡᠯᠴᠢᠭᠡᠷ ᠤᠨ ᠲᠦᠢᠮᠡᠷ ᠤᠨ ᠭᠠᠮᠰᠢᠭ ᠢ ᠱᠠᠲᠤ ᠬᠤᠪᠢᠶᠠᠨ ᠳᠠᠭᠠᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ | ᠂ ᠡᠯ᠎ᠡ ᠲᠥᠷᠥᠯ ᠤᠨ ᠲᠦᠢᠮᠡᠷ ᠰᠡᠷᠭᠡᠶᠢᠯᠡᠨ ᠤᠨᠲᠠᠷᠠᠭᠠᠬᠤ ᠡᠩᠨᠡᠭᠡ ᠵᠠᠷᠯᠢᠭ ᠬᠦᠯᠢᠶᠡᠬᠦ ᠪᠠᠶᠢᠳᠠᠯ ᠢ ᠪᠠᠲᠤᠯᠠᠨ᠂ | ᠪᠡᠯᠡᠳᠭᠡᠯ ᠲᠥᠰᠦᠯ ᠤᠨ ᠪᠣᠯᠪᠠᠰᠤᠷᠠᠯ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠷᠠᠭᠤᠯᠵᠤ᠂ ᠡᠳ᠋ ᠪᠣᠳᠠᠰ᠂ | ᠮᠠᠰᠢᠨ ᠪᠠᠭᠠᠵᠢ ᠪᠠ ᠲᠣᠨᠤᠭ ᠲᠥᠬᠦᠭᠡᠷᠦᠮᠵᠢ ᠶᠢᠨ ᠨᠥᠭᠡᠴᠡ ᠶᠢ ᠴᠢᠩᠭᠠᠳᠬᠠᠨ᠂ ᠵᠢᠯᠣᠭᠤᠳᠣᠯᠭ᠎ᠠ᠂ ᠬᠦᠴᠦᠨ᠂ | ᠲᠣᠨᠤᠭ ᠲᠥᠬᠦᠭᠡᠷᠦᠮᠵᠢ ᠶᠢ ᠦᠨᠡᠨ ᠬᠦ ᠪᠠᠳᠤᠯᠠᠨ᠂ ᠲᠦᠢᠮᠡᠷ ᠭᠠᠷᠤᠭᠰᠠᠨ ᠭᠠᠵᠠᠷ ᠤᠨ ᠵᠢᠯᠣᠭᠤᠳᠬᠤ ᠭᠠᠵᠠᠷ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠲᠦᠢᠮᠡᠷ ᠭᠠᠷᠤᠭᠰᠠᠨ ᠭᠠᠵᠠᠷ ᠤᠨ ᠬᠠᠮᠢᠶᠠᠷᠤᠯᠲᠠ ᠶᠢ | ᠴᠢᠩᠭᠠᠳᠬᠠᠨ᠂ ᠲᠤᠰᠬᠠᠶ ᠵᠢᠯᠣᠭᠤᠳᠣᠯᠭ᠎ᠠ ᠢᠢ ᠨᠠᠶᠢᠳᠠᠪᠤᠷᠢᠵᠢᠭᠤᠯᠵᠤ᠂ ᠬᠦᠨᠳᠦ ᠶᠡᠭᠡ ᠲᠦᠢᠮᠡᠷ ᠤᠨ ᠠᠶᠤᠯ ᠢ ᠳᠡᠰ | ᠳᠡᠪᠰᠢᠭᠦᠯᠦᠨ ᠠᠷᠭᠠᠴᠠᠭᠠᠵᠤ᠂ ᠰᠠᠨᠠᠭᠠᠴᠢᠯᠠᠭ᠎ᠠ ᠠᠴᠠ ᠪᠠᠨ ᠣᠷᠣᠯᠴᠠᠨ᠂ ᠰᠦᠷᠳᠡᠭᠦᠯᠦᠯ ᠳᠤ ᠤᠴᠠᠷᠠᠭᠰᠠᠨ ᠣᠯᠠᠨ | ᠲᠦᠮᠡᠨ ᠢ ᠳᠠᠷᠤᠢ ᠲᠦᠷᠭᠡᠨ ᠰᠢᠯᠵᠢᠭᠦᠯᠵᠦ᠂ ᠬᠥᠮᠦᠨ ᠦᠬᠦᠵᠦ ᠰᠢᠷᠬᠠᠲᠤᠬᠤ ᠡ᠊ᠡᠳᠡᠯ ᠭᠠᠷᠬᠤ ᠶᠢ ᠡᠷᠡᠰ | ᠬᠤᠷᠢᠬᠯᠠᠨ᠎ᠠ᠃ | ᠮᠡᠳᠡᠭᠦᠯᠬᠦ ᠳᠦᠷᠢᠮ ᠢ ᠴᠢᠩᠭᠠᠳᠬᠠᠨ᠎ᠠ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ | ᠪᠦᠬᠦᠢ ᠰᠠᠯᠠᠭ᠎ᠠ ᠮᠥᠴᠢᠷ ᠨᠢᠭᠡᠴᠢ ᠨᠦᠭᠦᠳ ᠲᠦᠢᠮᠡᠷ ᠤᠨ ᠪᠠᠶᠢᠳᠠᠯ ᠤᠨ ᠮᠡᠳᠡᠭᠡ ᠵᠠᠩᠭᠢ ᠶᠢ ᠰᠢᠰᠲ᠋ᠧᠮᠵᠢᠭᠦᠯᠦᠨ | ᠳᠡᠭᠡᠭᠰᠢ ᠮᠡᠳᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠲᠦᠢᠮᠡᠷ ᠤᠨ ᠪᠠᠶᠢᠳᠠᠯ ᠢ ᠬᠢᠨᠠᠨ ᠪᠠᠶᠢᠴᠠᠭᠠᠬᠤ ᠪᠠ ᠡᠷᠲᠡ | ᠰᠢᠢᠳᠪᠦᠷᠢᠯᠡᠬᠦ ᠶᠠᠪᠤᠳᠠᠯ ᠢ ᠴᠢᠩᠭᠠᠷᠠᠭᠤᠯᠤᠨ᠂ ᠵᠠᠰᠠᠭ ᠤᠨ ᠵᠠᠷᠯᠢᠭ ᠤᠨ ᠮᠡᠳᠡᠭᠡ ᠵᠠᠩᠭᠢ ᠶᠢᠨ ᠰᠠᠭᠠᠳ ᠦᠭᠡᠶ | ᠨᠡᠪᠲᠡᠷᠡᠬᠦ ᠶᠢ ᠦᠨᠡᠨ ᠬᠦ ᠪᠠᠲᠤᠯᠠᠵᠤ᠂ ᠲᠦᠢᠮᠡᠷ ᠭᠠᠷᠪᠠᠯ ᠵᠠᠪᠠᠯ ᠮᠡᠳᠡᠭᠦᠯᠬᠦ᠂ ᠮᠡᠳᠡᠭᠦᠯᠬᠦ ᠤᠨᠲᠠᠷᠠᠭᠠᠬᠤ ᠶᠢ | ᠵᠡᠷᠭᠡ ᠳᠤᠨᠢ ᠶᠠᠪᠤᠭᠳᠠᠭᠤᠯᠵᠤ᠂ ᠪᠤᠰᠤᠳ ᠰᠠᠯᠠᠭ᠎ᠠ ᠮᠥᠴᠢᠷ ᠪᠣᠯᠤᠨ ᠬᠤᠪᠢ ᠬᠥᠮᠦᠨ ᠣᠶ ᠰᠢᠭᠤᠶ ᠪᠠ ᠨᠤᠲᠤᠭ | ᠪᠡᠯᠴᠢᠭᠡᠷ ᠤᠨ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠲᠡᠷᠡ ᠳᠠᠷᠤᠶ ︽12119︾ ᠳᠤ ᠤᠲᠠᠰᠤᠳᠠᠬᠤ ᠪᠤᠶᠤ | ᠪᠤᠰᠤᠳ ᠠᠷᠭ᠎ᠠ ᠪᠠᠷ ᠲᠤᠬᠠᠶ ᠶᠢᠨ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠲᠦᠢᠮᠡᠷ ᠰᠡᠷᠭᠡᠶᠢᠯᠡᠨ | ᠤᠨᠲᠠᠷᠠᠭᠠᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠤᠬᠠᠭᠤᠯᠭ᠎ᠠ ᠬᠥᠮᠦᠵᠢᠯ ᠢ ᠴᠢᠩᠭᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢᠭᠡᠴᠢ ᠷᠠᠳᠢᠤ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ᠂ ᠰᠢᠨ᠎ᠡ ᠵᠠᠭᠤᠴᠢᠯᠠᠭᠤᠷ | ᠵᠡᠷᠭᠡ ᠣᠯᠠᠨ ᠵᠦᠢᠯ ᠤᠨ ᠠᠷᠭ᠎ᠠ ᠵᠠᠮ ᠢ ᠭᠦᠢᠴᠡᠳ ᠠᠰᠢᠭᠯᠠᠨ᠂ ᠲᠦᠢᠮᠡᠷ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ᠂ | ᠲᠦᠢᠮᠡᠷ ᠰᠡᠷᠭᠡᠶᠢᠯᠡᠬᠦ ᠵᠡᠷᠭᠡ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠲᠦᠢᠮᠡᠷ | ᠰᠡᠷᠭᠡᠶᠢᠯᠡᠬᠦ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯ ᠠᠴᠠ ᠵᠠᠶᠢᠯᠠᠬᠤ ᠮᠡᠳᠡᠯᠭᠡ ᠪᠣᠯᠤᠨ ᠲᠦᠢᠮᠡᠷ ᠤᠨ | ᠠᠶᠤᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠶ ᠲᠦᠭᠡᠮᠡᠯᠵᠢᠭᠦᠯᠤᠨ᠂ ᠣᠯᠠᠨ ᠲᠦᠮᠡᠨ ᠢ ᠬᠥᠲᠥᠯᠥᠨ | ᠵᠢᠯᠣᠭᠤᠳᠴᠤ ᠲᠦᠢᠮᠡᠷ ᠰᠡᠷᠭᠡᠶᠢᠯᠡᠬᠦ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠲᠣᠭᠲᠠᠭᠠᠯ ᠠᠴᠠ ᠵᠥᠷᠢᠴᠡᠨ | ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠵᠦ᠂ ᠪᠦᠬᠦ ᠨᠡᠶᠢᠭᠡᠮ ᠤᠨ | ᠲᠦᠢᠮᠡᠷ ᠠᠴᠠ ᠰᠡᠷᠭᠡᠶᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ︽ᠣᠶ ᠰᠢᠭᠤᠶ ᠪᠠ ᠨᠤᠲᠤᠭ ᠪᠡᠯᠴᠢᠭᠡᠷ ᠤᠨ | ᠲᠦᠢᠮᠡᠷ ᠢ ᠰᠡᠷᠭᠡᠶᠢᠯᠡᠬᠦ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠭᠦᠨ ᠵᠤᠵᠠᠭᠠᠨ ᠠᠭᠤᠷ | ᠠᠮᠢᠰᠬᠤᠯ ᠢ ᠪᠤᠢ ᠪᠤᠯᠭᠠᠨ᠎ᠠ᠃ | ᠱᠠᠯᠠᠪᠳᠠᠭᠤᠯᠤᠨ ᠵᠢᠯᠣᠭᠤᠳᠴᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠣᠶ ᠰᠢᠭᠤᠶ ᠪᠠ | ᠨᠤᠲᠤᠭ ᠪᠡᠯᠴᠢᠭᠡᠷ ᠤᠨ ᠲᠦᠢᠮᠡᠷ ᠤᠨ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠪᠠ ᠲᠣᠭᠲᠠᠭᠠᠯ ᠠᠴᠠ | ᠵᠥᠷᠢᠴᠡᠨ ᠭᠠᠯ ᠬᠡᠷᠡᠭᠯᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠲᠤᠰᠬᠠᠶ ᠠᠵᠢᠯᠯᠠᠭ᠎ᠠ ᠶᠢ ᠪᠥᠬᠦ | ᠲᠠᠯ᠎ᠠ ᠪᠠᠷ ᠥᠷᠨᠢᠭᠦᠯᠵᠦ᠂ ᠠᠰᠠᠭᠤᠳᠠᠯ ᠤᠨ ᠨᠠᠷᠢᠨ ᠳᠠᠩᠰᠠ ᠢᠢ ᠪᠠᠶᠢᠭᠤᠯᠤᠨ᠂ ᠬᠤᠭᠤᠴᠠᠭ᠎ᠠ ᠬᠢᠵᠠᠭᠠᠷᠯᠠᠵᠤ | ᠴᠡᠭᠴᠡᠯᠡᠨ ᠰᠠᠶᠢᠵᠢᠷᠠᠭᠤᠯᠬᠤ ᠢᠢ ᠨᠠᠶᠢᠳᠠᠪᠤᠷᠢᠵᠢᠭᠤᠯᠤᠨ᠂ ᠴᠢᠬᠤᠯᠠ ᠶᠡᠭᠡ ᠠᠰᠠᠭᠤᠳᠠᠯ ᠤᠨ ᠳᠠᠯᠳᠠ ᠬᠡᠮ ᠢ ᠫᠠᠶᠢᠰᠠ | ᠡᠯᠭᠦᠵᠤ ᠱᠠᠯᠠᠪᠳᠠᠭᠤᠯᠵᠤ᠂ ᠮᠥᠷᠳᠡᠨ ᠳᠠᠭᠠᠵᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠲᠦᠢᠮᠡᠷ ᠤᠨ ᠬᠡᠷᠡᠭ ᠢ | ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠨᠡᠨᠬᠦ ᠴᠢᠩᠭᠠᠷᠠᠭᠤᠯᠵᠤ᠂ ᠨᠡᠶᠢᠲᠡᠯᠢᠭ ᠬᠡᠷᠡᠭ ᠢ ᠢᠯᠡ ᠪᠣᠯᠭᠠᠨ᠂ | ᠲᠦᠢᠮᠡᠷ ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠠᠵᠢᠯ ᠤᠨ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠭᠰᠠᠨ ᠥᠬᠡᠶ᠂ ᠳᠠᠯᠳᠠ ᠬᠡᠮ ᠢ ᠵᠢᠭᠰᠠᠭᠠᠨ ᠪᠠᠶᠢᠴᠠᠭᠠᠭᠰᠠᠨ ᠨᠢ ᠭᠦᠨᠵᠡᠭᠡᠶ ᠪᠤᠰᠤ᠂ ᠴᠠᠭ | ᠲᠤᠬᠠᠶ ᠳᠤᠨᠢ ᠲᠦᠢᠮᠡᠷ ᠤᠨᠲᠠᠷᠠᠭᠠᠬᠤ ᠶᠢ ᠵᠣᠬᠢᠶᠠᠨ ᠪᠠᠶᠢᠭᠤᠯᠤᠭᠰᠠᠨ ᠥᠬᠡᠶ ᠵᠡᠷᠭᠡ ᠠᠴᠠ ᠪᠣᠯᠵᠣ ᠬᠦᠨᠳᠦ ᠶᠡᠭᠡ ᠣᠶ | ᠰᠢᠭᠤᠶ ᠪᠠ ᠨᠤᠲᠤᠭ ᠪᠡᠯᠴᠢᠭᠡᠷ ᠤᠨ ᠲᠦᠢᠮᠡᠷ ᠤᠨ ᠭᠠᠮᠰᠢᠭ ᠪᠤᠶᠤ ᠬᠥᠮᠦᠨ ᠬᠠᠷ᠎ᠠ ᠥᠭᠦᠵᠦ ᠰᠢᠷᠬᠠᠲᠤᠭᠰᠠᠨ ᠡ᠊ᠨᠳᠡᠯ | ᠭᠠᠷᠭᠠᠭᠰᠠᠨ ᠪᠠᠶᠢᠪᠠᠯ᠂ ᠲᠣᠭᠲᠠᠭᠠᠯ᠂ ᠰᠠᠬᠢᠯᠭ᠎ᠠ᠂ ᠬᠠᠤᠯᠢ ᠶᠣᠰᠣᠭᠠᠷ ᠬᠠᠷᠢᠭᠤᠴᠠᠯᠭ᠎ᠠ ᠨᠡᠭᠡᠮᠵᠢᠯᠡᠨ᠎ᠡ᠃ | ᠤᠷᠢᠳᠴᠢᠯᠠᠨ ᠴᠢᠩᠭ᠎ᠠ ᠬᠠᠮᠢᠶᠠᠷᠤᠨ ᠡᠵᠡᠮᠳᠡᠵᠦ ᠰᠡᠷᠭᠡᠶᠢᠯᠡᠬᠦ ᠪᠤᠳᠠᠳᠠᠢ ᠠᠷᠭ᠎ᠠ ᠬᠡᠮᠵᠢᠶ᠎ᠡ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠤᠷᠢᠳᠴᠢᠯᠠᠨ ᠰᠡᠷᠭᠡᠶᠢᠯᠡᠬᠦ | ᠢᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ ᠪᠠᠷᠢᠮᠲᠠᠯᠠᠨ᠂ ᠭᠤᠣᠯᠳᠠᠯᠭ᠎ᠠ ᠲᠠᠢ ᠴᠠᠭ ᠢ ᠰᠠᠶᠢᠲᠤᠷ | ᠠᠳᠬᠤᠵᠤ᠂ ᠭᠤᠤᠯᠳᠠᠯᠭ᠎ᠠ ᠲᠠᠢ ᠣᠷᠣᠨ ᠪᠦᠰᠡ ᠶᠢ ᠰᠠᠶᠢᠲᠤᠷ ᠰᠠᠬᠢᠨ᠂ ᠭᠤᠤᠯᠳᠠᠯᠭ᠎ᠠ ᠲᠠᠢ ᠬᠥᠮᠦᠰ ᠢ ᠰᠠᠶᠢᠲᠤᠷ | ᠠᠩᠬᠠᠷᠴᠤ᠂ ᠴᠠᠷᠠᠭ᠎ᠠ ᠶᠢᠨ ᠪᠦᠲᠦᠭᠡᠨ ᠪᠠᠶᠢᠭᠤᠯᠤᠯᠲᠠ ᠢᠢ ᠴᠢᠩᠭ᠎ᠠ ᠨᠠᠶᠢᠳᠠᠪᠤᠷᠢᠵᠢᠭᠤᠯᠤᠨ᠂ ᠬᠡᠭᠡᠷ᠎ᠡ ᠭᠠᠳᠠᠨ᠎ᠠ | ᠭᠠᠯ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠤᠢ ᠳᠣᠲᠣᠷᠠᠬᠢ ᠰᠢᠲᠠᠮᠠᠬᠠᠶ ᠪᠣᠳᠠᠰ ᠢ ᠴᠡᠪᠡᠷᠯᠡᠬᠦ᠂ ᠬᠠᠮᠲᠤᠷᠠᠵᠤ | ᠰᠡᠷᠭᠡᠶᠢᠯᠡᠨ ᠡᠵᠡᠮᠳᠡᠬᠦ ᠵᠡᠷᠭᠡ ᠭᠠᠯ ᠤᠨ ᠡᠬᠢ ᠶᠢ ᠬᠠᠮᠢᠶᠠᠷᠤᠨ ᠡᠵᠡᠮᠳᠡᠬᠦ ᠵᠡᠷᠭᠡ ᠠᠷᠭ᠎ᠠ ᠬᠡᠮᠵᠢᠶ᠎ᠡ᠂ ᠲᠦᠢᠮᠡᠷ ᠤᠨ | ᠭᠠᠮᠰᠢᠭ ᠤᠨ ᠳᠠᠯᠳᠠ ᠬᠡᠮ ᠢ ᠬᠥᠳᠡᠯᠦᠩᠭᠦᠶ ᠪᠠᠷ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠵᠤ᠂ | ᠲᠠᠷᠢᠶᠠᠯᠠᠩ ᠤᠢ ᠶᠢᠨ ᠶᠠᠪᠤᠳᠠᠯ ᠢ ᠴᠢᠩᠭ᠎ᠠ ᠬᠠᠮᠢᠶᠠᠷᠬᠤ᠂ ᠪᠠᠷᠢᠯᠭ᠎ᠠ ᠶᠢᠨ ᠠᠵᠢᠯ᠂ ᠦᠢᠯᠡᠳᠪᠦᠷᠢᠯᠡᠯ ᠲᠡᠭᠡᠭᠡᠪᠦᠷᠢ᠂ | ᠵᠢᠭᠤᠯᠴᠢᠯᠠᠯ ᠲᠠᠬᠢᠯᠭ᠎ᠠ ᠵᠡᠷᠭᠡ ᠡᠯ᠎ᠡ ᠵᠦᠢᠯ ᠤᠨ ᠬᠡᠭᠡᠷ᠎ᠡ ᠭᠠᠳᠠᠨ᠎ᠠ ᠭᠠᠯ ᠬᠡᠷᠡᠭᠯᠡᠬᠦ ᠦᠢᠯᠡ ᠠᠵᠢᠯᠯᠠᠭ᠎ᠠ ᠶᠢ ᠴᠢᠩᠭ᠎ᠠ | ᠬᠠᠮᠢᠶᠠᠷᠴᠤ᠂ ︽ᠰᠢᠯᠤᠭᠤᠳᠬᠠᠬᠤ ᠪᠠ ᠬᠢᠵᠠᠭᠠᠷᠯᠠᠬᠤ ᠶᠢ ᠤᠶᠠᠯᠳᠤᠭᠤᠯᠬᠤ︾ ᠳᠤ ᠡᠬᠢ ᠡᠭᠦᠰᠦᠯ ᠠᠴᠠ ᠨᠢ | ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠬᠤ ᠲᠤᠭᠳᠠᠭᠠᠯ ᠨᠡᠶᠢᠳᠡᠯᠡᠭᠰᠡᠨ ᠪᠦᠭᠡᠳ ᠵᠦᠷᠢᠴᠡᠭᠰᠡᠳ ᠢ ᠬᠠᠤᠯᠢ | ᠶᠤᠰᠤᠭᠠᠷ ᠰᠶᠢᠳᠭᠡᠬᠦ ᠪᠠᠷ ᠲᠤᠭᠳᠠᠪᠠ᠃ ︵︽ᠦᠪᠦᠷ ᠮᠤᠩᠭᠤᠯ ᠤᠨ ᠡᠳᠦᠷ ᠤᠨ ᠰᠤᠨᠢᠨ︾ ᠠᠴᠠ ᠰᠢᠯᠵᠢᠬᠦᠯᠪᠡ︶ |