| ᠥᠢᠷ᠎ᠠ ᠳᠤ᠂ ᠬᠢᠩᠭᠠᠨ ᠠᠶᠢᠮᠠᠭ ᠤᠨ ᠤᠯᠠᠭᠠᠨᠬᠤᠲᠠ ᠨᠢᠰᠭᠡᠯ ᠤᠨ ᠪᠠᠭᠤᠳᠠᠯ ᠵᠣᠨ ᠤ ᠤᠯᠠᠷᠢᠯ ᠤᠨ ᠡᠭᠡᠯᠵᠢ ᠶᠢᠨ | ᠨᠢᠰᠭᠡᠯ ᠤᠨ ᠲᠥᠯᠥᠪᠯᠡᠭᠡ ᠶᠢ ᠡᠬᠢᠯᠡᠨ ᠬᠡᠷᠡᠭᠵᠢᠭᠦᠯᠵᠦ᠂ ᠨᠡᠶᠢᠲᠡ 18 ᠵᠤᠷᠪᠤᠰ ᠠᠭᠠᠷ ᠤᠨ ᠠᠶᠠᠯᠠᠯ ᠤᠨ ᠱᠤᠭᠤᠮ ᠢ | ᠨᠡᠪᠲᠡᠷᠡᠭᠦᠯᠵᠦ᠂ ᠪᠡᠭᠡᠵᠢᠩ᠂ ᠱᠠᠩᠬᠠᠶ᠂ ᠭᠤᠸᠠᠩᠵᠸᠦ ᠵᠡᠷᠭᠡ ᠤᠯᠤᠰ ᠤᠨ ᠳᠣᠲᠣᠭᠠᠳᠤ ᠶᠢᠨ 21 ᠬᠤᠲᠠ ᠳᠤ ᠨᠡᠪᠲᠡᠷᠡᠵᠦ᠂ | ᠠᠭᠠᠷ ᠤᠨ ᠠᠶᠠᠯᠠᠯ ᠤᠨ ᠱᠤᠭᠤᠮ ᠤᠨ ᠰᠦᠯᠵᠢᠶ᠎ᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠷᠣᠨ ᠪᠦᠰᠡ ᠶᠢᠨ ᠠᠭᠠᠷ ᠤᠨ | ᠠᠶᠠᠯᠠᠯ ᠤᠨ ᠵᠠᠩᠭᠢᠯᠠᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠪᠠ᠃ | ᠲᠣᠰ ᠤᠳᠠᠭᠠᠨ ᠤ ᠵᠣᠨ ᠤ ᠤᠯᠠᠷᠢᠯ ᠤᠨ ᠠᠭᠠᠷ ᠤᠨ ᠠᠶᠠᠯᠠᠯ ᠳᠤ ᠭᠤᠤᠯᠳᠠᠭᠤ ᠭᠤᠷᠪᠠᠨ ᠶᠡᠭᠡ ᠣᠨᠴᠠᠯᠢᠭ | ᠢᠯᠡᠷᠡᠵᠡᠶ᠄ ᠨᠢᠭᠡ ᠳᠤ᠂ ︽ᠱᠢ ᠵᠢᠶᠠ ᠵᠤᠸᠠᠩ — ᠤᠯᠠᠭᠠᠨᠬᠤᠲᠠ — ᠬᠠᠷᠪᠢᠨ︾᠂ ︽ᠪᠤᠭᠤᠲᠤ — | ᠤᠯᠠᠭᠠᠨᠬᠤᠲᠠ — ᠷᠠᠰᠢᠶᠠᠨ︾ ᠭᠡᠬᠦ ᠬᠤᠶᠠᠷ ᠵᠤᠷᠪᠤᠰ ᠠᠭᠠᠷ ᠤᠨ ᠠᠶᠠᠯᠠᠯ ᠤᠨ ᠱᠤᠭᠤᠮ ᠢ ᠰᠢᠨ᠎ᠡ ᠪᠠᠷ ᠨᠠᠪᠳᠡᠷᠠᠭᠦᠯᠵᠥ᠂ | ᠣᠷᠣᠨ ᠪᠦᠰᠡ ᠶᠢᠨ ᠠᠭᠠᠷ ᠤᠨ ᠠᠶᠠᠯᠠᠯ ᠤᠨ ᠱᠤᠭᠤᠮ ᠤᠨ ᠲᠣᠤᠷ ᠰᠦᠯᠵᠢᠶ᠎ᠡ ᠶᠢ ᠨᠢᠭᠳᠠᠷᠠᠭᠤᠯᠵᠦ᠂ ᠵᠢᠭᠤᠯᠴᠢᠯᠠᠯ ᠤᠨ | ᠵᠠᠮ ᠬᠠᠷᠢᠯᠴᠠᠭᠠᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠪᠡ︔ ᠬᠤᠶᠠᠷ ᠲᠤ᠂ ᠣᠷᠣᠨ ᠤ ᠭᠠᠳᠠᠨᠠᠬᠢ 10 | ᠭᠤᠤᠯᠳᠠᠯᠭ᠎ᠠ ᠲᠠᠢ ᠵᠢᠭᠤᠯᠴᠢᠯᠠᠬᠴᠢᠤᠨ ᠤᠨ ᠢᠷᠡᠯᠲᠡ ᠶᠢᠨ ᠬᠤᠲᠠ ᠬᠢᠭᠡᠳ ᠣᠷᠣᠨ ᠤ ᠳᠣᠲᠣᠷᠠᠬᠢ 11 ᠰᠠᠯᠪᠤᠷᠢ | ᠱᠤᠭᠤᠮ ᠤᠨ ᠨᠢᠰᠭᠡᠯ ᠤᠨ ᠪᠠᠭᠤᠳᠠᠯ ᠢ ᠬᠠᠮᠤᠷᠤᠭᠰᠠᠨ ᠪᠣᠰᠤᠭ᠎ᠠ ᠴᠣᠭᠴᠠᠲᠤ ᠲᠣᠤᠷ ᠰᠦᠯᠵᠢᠶ᠎ᠡ ᠶᠢ ᠪᠠᠶᠢᠭᠤᠯᠵᠠᠢ︔ | ᠭᠤᠷᠪᠠ ᠳᠤ᠂ ᠵᠠᠰᠠᠭ ᠠᠵᠤ ᠠᠬᠤᠶᠢᠯᠠᠯ ᠬᠠᠮᠲᠤᠷᠠᠨ ᠬᠥᠳᠡᠯᠦᠯᠴᠡᠬᠦ ᠲᠣᠭᠲᠠᠴᠠ ᠪᠠᠷ ᠳᠠᠮᠵᠢᠭᠤᠯᠤᠨ᠂ ᠠᠭᠠᠷ ᠤᠨ | ᠠᠶᠠᠯᠠᠯ ᠤᠨ ᠺᠣᠮᠫᠠᠨᠢ ᠬᠢᠭᠡᠳ ᠵᠢᠭᠤᠯᠴᠢᠯᠠᠯ ᠤᠨ ᠠᠵᠤ ᠠᠬᠤᠶᠢᠯᠠᠯ ᠤᠨ ᠨᠢᠰᠭᠡᠯ ᠳᠠᠭᠠᠭᠠᠴᠢᠯᠠᠨ ᠬᠡᠷᠡᠭᠯᠡᠬᠦ᠂ ᠪᠦᠯᠬᠦᠮ | ᠨᠡᠶᠢᠲᠡ ᠳᠤ ᠬᠠᠷᠠᠭᠠᠯᠵᠠᠯ ᠦᠵᠡᠭᠦᠯᠬᠦ ᠵᠡᠷᠭᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠢ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠶᠢ ᠠᠬᠢᠭᠤᠯᠵᠠᠢ᠃ | ᠵᠣᠨ ᠤ ᠤᠯᠠᠷᠢᠯ ᠤᠨ ᠠᠭᠠᠷ ᠤᠨ ᠠᠶᠠᠯᠠᠯ ᠨᠢ ᠨᠠᠷᠢᠯᠢᠭ ᠣᠨᠣᠴᠠᠲᠠᠶ ᠪᠠᠷ ᠠᠭᠠᠷ ᠤᠨ ᠠᠶᠠᠯᠠᠯ ᠤᠨ ᠱᠤᠭᠤᠮ ᠤᠨ | ᠪᠠᠶᠢᠷᠢᠯᠠᠭᠤᠯᠤᠯᠲᠠ ᠪᠠ ᠵᠢᠭᠤᠯᠴᠢᠯᠠᠯ ᠤᠨ ᠬᠥᠭᠵᠢᠶᠠᠨᠲᠡᠶ ᠤᠯᠠᠷᠢᠯ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ | ᠲᠣᠬᠢᠷᠠᠭᠤᠯᠬᠤ ᠪᠠᠷ ᠳᠠᠮᠵᠢᠭᠤᠯᠤᠨ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ | ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠠᠶᠠᠨᠴᠢᠳ ᠤᠨ ᠢᠷᠡᠯᠲᠡ ᠶᠢᠨ ᠭᠠᠵᠠᠷ ᠤᠨ | ᠵᠢᠭᠤᠯᠴᠢᠯᠠᠭᠴᠢᠳ ᠤᠨ ᠬᠢᠩᠭᠠᠨ ᠠᠶᠢᠮᠠᠭ ᠲᠤ ᠰᠡᠯᠡᠭᠦᠴᠡᠨ ᠵᠢᠭᠤᠯᠴᠢᠯᠠᠬᠤ᠂ ᠦᠨᠳᠦᠰᠦᠲᠡᠨ ᠤ ᠵᠠᠩ ᠦᠢᠯᠡ ᠶᠢ | ᠣᠶᠢᠯᠠᠭᠠᠬᠤ ᠳᠤ ᠳᠦᠭᠦᠮ ᠨᠦᠭᠦᠴᠡᠯ ᠬᠠᠨᠭ᠍ᠭᠠᠨ ᠦᠭᠴᠡᠢ᠃ ︽ᠠᠭᠠᠷ ᠤᠨ ᠠᠶᠠᠯᠠᠯ + ᠵᠢᠭᠤᠯᠴᠢᠯᠠᠯ︾ ᠤᠨ ᠠᠵᠤ | ᠦᠢᠯᠡᠰ ᠤᠨ ᠬᠡᠯᠬᠢᠶ᠎ᠡ ᠶᠢᠨ ᠭᠦᠨᠵᠡᠭᠡᠶ ᠠᠭᠤᠰᠤᠯᠴᠠᠬᠤ ᠶᠢ ᠳᠠᠭᠠᠯᠳᠤᠨ᠂ ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾ | ᠤᠨ ᠣᠷᠣᠨ ᠪᠦᠰᠡ ᠶᠢᠨ ᠨᠡᠷᠡᠳᠦ ᠳᠡᠮᠳᠡᠭ ᠤᠨ ᠳᠦᠷᠢ ᠲᠥᠷᠬᠦ ᠶᠢ ᠠᠯᠳᠠᠷᠰᠢᠭᠤᠯᠵᠦ᠂ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠵᠠᠢ᠃ ︵ᠯᠢ ᠤᠭ᠍ᠶᠦ︶ | | | | |