ᠬᠢᠩᠭᠠᠨ ᠵᠡᠭᠡᠯᠢ ᠣᠯᠠᠨ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/12
        ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠲᠤ ᠠᠮᠤᠷ ᠠᠮᠤᠭᠤᠯᠠᠩ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ  ᠶᠢᠨ ᠬᠢᠩᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠯᠠᠭᠠᠨᠬᠤᠲᠠ ᠶᠢᠨ ᠭᠠᠯ ᠰᠡᠷᠬᠡᠶᠢᠯᠡᠵᠦ ᠤᠨᠲᠠᠷᠠᠭᠠᠬᠤ ᠠᠩᠭᠢ᠂ ᠬᠢᠩᠭᠠᠨ ᠳᠣᠲᠤᠭᠠᠳᠤ ᠶᠢ ᠬᠠᠮᠠᠭᠠᠯᠠᠬᠤ ᠰᠠᠯᠪᠤᠷᠢ᠂ ᠬᠢᠩᠭᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠲᠤᠰᠬᠠᠶ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠬᠠᠷᠢᠶ᠎ᠠ ᠣᠷᠣᠨ ᠤ ᠢᠳᠡᠭᠡᠨ ᠤᠮᠳᠠᠭᠠᠨ᠂ ᠵᠤᠭ᠎ᠠ ᠴᠡᠩᠭᠡᠯ ᠤᠨ ᠭᠠᠵᠠᠷ᠂ ᠲᠣᠰᠣ ᠨᠡᠮᠡᠬᠦ ᠥᠷᠲᠡᠭᠡ ᠵᠡᠷᠭᠡ ᠭᠤᠤᠯᠳᠠᠯᠭ᠎ᠠ ᠲᠠᠢ ᠲᠠᠯᠠᠪᠤᠷ ᠲᠤ ᠪᠥᠬᠦ ᠲᠠᠯ᠎ᠠ ᠶᠢᠨ ᠶᠡᠷᠦᠩᠬᠡᠶᠢᠯᠡᠭᠰᠡᠨ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃
1.png
        ᠬᠠᠮᠲᠤᠷᠠᠨ ᠪᠠᠶᠢᠴᠠᠭᠠᠬᠤ ᠠᠵᠢᠯᠯᠠᠭ᠎ᠠ ᠳᠤᠮᠳᠠ᠂ ᠠᠵᠢᠯᠲᠠᠳ ᠬᠠᠷᠢᠶ᠎ᠠ ᠣᠷᠣᠨ ᠤ ᠡᠯ᠎ᠡ ᠭᠤᠤᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠨ᠂ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠭᠰᠠᠨ᠂ ᠭᠠᠯ ᠰᠡᠷᠭᠡᠶᠢᠯᠡᠵᠦ ᠤᠨᠲᠠᠷᠠᠭᠠᠬᠤ ᠲᠦᠬᠦᠭᠡᠷᠦᠮᠵᠢ ᠶᠢ ᠳᠣᠭᠢᠷᠠᠭᠤᠯᠤᠭᠰᠠᠨ᠂ ᠢᠳᠡᠭᠡᠨ ᠤ ᠠᠮᠤᠷ ᠲᠦᠪᠰᠢᠨ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠵᠡᠷᠭᠡ ᠪᠠᠶᠢᠳᠠᠯ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠪᠠ᠃ ᠢᠳᠡᠭᠡᠨ ᠤᠮᠳᠠᠭᠠᠨ ᠤ ᠲᠠᠯᠠᠪᠤᠷ ᠲᠤ᠂ ᠲᠤᠭᠤᠭᠠᠨ ᠬᠡᠷ ᠤᠨ ᠰᠢᠳᠠᠭᠠᠯᠭ᠎ᠠ ᠶᠢᠨ ᠬᠡᠢ ᠶᠢᠨ ᠬᠡᠷᠡᠭᠯᠡᠯᠳᠡ ᠨᠢ ᠲᠦᠷᠢᠮᠵᠢᠭᠦᠨ ᠡᠰᠡᠬᠦ᠂ ᠭᠠᠯ ᠤᠨᠲᠠᠷᠠᠭᠠᠬᠤ ᠵᠠᠮ ᠰᠠᠭᠠᠳ ᠥᠬᠡᠶ ᠪᠠᠶᠢᠬᠤ ᠡᠰᠡᠬᠦ᠂ ᠢᠳᠡᠭᠡᠨ ᠬᠠᠳᠠᠭᠠᠯᠠᠬᠤ ᠵᠢᠴᠢ ᠡᠳ᠋ᠰᠢᠭᠦᠯᠬᠦ ᠨᠢ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠵᠤᠭ᠎ᠠ ᠴᠡᠩᠭᠡᠯ ᠤᠨ ᠲᠠᠯᠠᠪᠤᠷ ᠲᠤ ᠲᠠᠷᠬᠠᠭᠠᠬᠤ ᠵᠢᠭᠠᠯᠲᠠ ᠶᠢᠨ ᠲᠡᠮᠳᠡᠭ᠂ ᠪᠠᠴᠢᠮ ᠪᠠᠶᠢᠳᠠᠯ ᠢ ᠠᠷᠭᠠᠴᠠᠭᠠᠬᠤ ᠭᠡᠷᠡᠯᠲᠦᠭᠦᠯᠭᠡ ᠶᠢᠨ ᠲᠥᠬᠦᠭᠡᠷᠦᠮᠵᠢ ᠨᠢ ᠪᠦᠷᠢᠨ ᠪᠦᠲᠦᠨ ᠪᠠᠶᠢᠬᠤ ᠡᠰᠡᠬᠦ᠂ ᠬᠢᠨᠠᠨ ᠡᠵᠡᠮᠳᠡᠬᠦ ᠲᠥᠬᠦᠭᠡᠷᠦᠮᠵᠢ ᠨᠢ ᠬᠡᠪ ᠤᠨ ᠶᠣᠰᠣᠭᠠᠷ ᠠᠵᠢᠯᠯᠠᠵᠤ ᠪᠠᠶᠢᠬᠤ ᠡᠰᠡᠬᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠡᠵᠡᠩᠨᠡᠯᠲᠡ ᠶᠢᠨ ᠦᠢᠯᠡ ᠠᠵᠢᠯᠯᠠᠭ᠎ᠠ ᠪᠠᠶᠢᠬᠤ ᠡᠰᠡᠬᠦ ᠶᠢ ᠭᠤᠤᠯᠳᠠᠯᠭ᠎ᠠ ᠲᠠᠢ ᠪᠠᠶᠢᠴᠠᠭᠠᠪᠠ᠃ ᠲᠣᠰᠣ ᠨᠡᠮᠡᠬᠦ ᠥᠷᠲᠡᠭᠡ ᠨᠢ ᠠᠮᠠᠷᠬᠠᠨ ᠨᠣᠴᠣᠵᠤ ᠳᠡᠯᠪᠡᠷᠡᠬᠦ ᠭᠤᠤᠯᠳᠠᠯᠭ᠎ᠠ ᠲᠠᠢ ᠣᠷᠣᠨ ᠪᠦᠰᠡ ᠪᠣᠯᠤᠭᠰᠠᠨ ᠤ ᠬᠤᠪᠢ ᠳᠤ᠂ ᠪᠠᠶᠢᠴᠠᠭᠠᠬᠤ ᠳᠤᠭᠤᠶᠢᠯᠠᠩ ᠭᠠᠯ ᠰᠡᠷᠭᠡᠶᠢᠯᠡᠵᠦ ᠤᠨᠲᠠᠷᠠᠭᠠᠬᠤ ᠪᠠᠭᠠᠵᠢ ᠬᠡᠷᠡᠭᠰᠡᠯ ᠨᠢ ᠪᠦᠷᠢᠨ ᠭᠦᠢᠴᠡᠳ ᠪᠠᠶᠢᠬᠤ ᠡᠰᠡᠬᠦ᠂ ᠠᠵᠢᠯᠲᠠᠳ ᠲᠤᠰᠬᠠᠶ ᠮᠡᠷᠭᠡᠵᠢᠯ ᠤᠨ ᠪᠣᠯᠪᠠᠰᠤᠷᠠᠯ ᠬᠦᠷᠲᠡᠭᠰᠡᠨ ᠡᠰᠡᠬᠦ ᠵᠡᠷᠭᠡ ᠶᠢ ᠨᠠᠷᠢᠨ ᠪᠠᠶᠢᠴᠠᠭᠠᠪᠠ᠃        ᠪᠠᠶᠢᠴᠠᠭᠠᠬᠤ ᠶᠠᠪᠤᠴᠠ ᠳᠤ᠂ ᠬᠡᠰᠡᠭ ᠲᠠᠯᠠᠪᠤᠷ ᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠨᠡᠪᠲᠡᠷᠡᠬᠦ ᠵᠠᠮ ᠳᠤ ᠡᠯᠳᠡᠪ ᠪᠣᠳᠠᠰ ᠢ ᠣᠪᠣᠭᠠᠯᠠᠬᠤ᠂ ᠨᠡᠭᠦᠷᠡᠰᠦᠨ ᠬᠡᠶ ᠶᠢᠨ ᠰᠠᠪᠠ᠂ ᠢᠳᠡᠭᠡᠨ ᠤ ᠬᠠᠳᠠᠭᠠᠯᠠᠮᠵᠢ ᠵᠢᠷᠤᠮᠵᠢᠯ ᠥᠬᠡᠶ ᠵᠡᠷᠭᠡ ᠳᠠᠯᠳᠠ ᠬᠡᠮ ᠳᠤ ᠴᠢᠭᠯᠡᠭᠦᠯᠦᠨ᠂ ᠪᠠᠶᠢᠴᠠᠭᠠᠬᠤ ᠳᠤᠭᠤᠶᠢᠯᠠᠩ ᠠᠴᠠ ᠲᠤᠬᠠᠶ ᠶᠢᠨ ᠲᠠᠯᠠᠪᠠᠢ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠪᠠ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠲᠤᠰᠬᠠᠶ ᠬᠥᠮᠦᠨ ᠳᠣᠭᠢᠷᠠᠭᠤᠯᠤᠨ ᠳᠠᠭᠠᠵᠤ ᠳᠠᠬᠢᠨ ᠪᠠᠶᠢᠴᠠᠭᠠᠵᠤ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ ᠡᠭᠦᠨ ᠤ ᠬᠠᠮᠲᠤ᠂ ᠪᠠᠶᠢᠴᠠᠭᠠᠬᠤ ᠠᠵᠢᠯᠲᠠᠳ ᠪᠠᠰᠠ ᠡᠯ᠎ᠡ ᠲᠠᠯᠠᠪᠤᠷ ᠭᠠᠵᠠᠷ ᠤᠨ ᠬᠠᠷᠢᠭᠤᠴᠠᠯᠭᠠᠲᠠᠨ ᠪᠣᠯᠤᠨ ᠠᠵᠢᠯᠯᠠᠵᠤ ᠪᠠᠶᠢᠭ᠎ᠠ ᠬᠥᠮᠦᠰ ᠲᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠬᠢᠵᠦ᠂ ᠲᠡᠳᠡᠨ ᠢ ᠠᠶᠤᠯᠭᠦᠶ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ ᠭᠡᠵᠦ ᠱᠠᠭᠠᠷᠳᠠᠪᠠ᠃
2.png
        ᠲᠣᠰ ᠤᠳᠠᠭᠠᠨ ᠤ ᠬᠠᠮᠲᠤᠷᠠᠭᠰᠠᠨ ᠠᠮᠤᠷ ᠲᠦᠪᠰᠢᠨ ᠤ ᠶᠡᠭᠡ ᠪᠠᠶᠢᠴᠠᠭᠠᠯᠲᠠ ᠨᠢ ᠬᠠᠷᠢᠶ᠎ᠠ ᠣᠷᠣᠨ ᠤ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠤ ᠳᠠᠯᠳᠠ ᠬᠡᠮ ᠢ ᠪᠦᠲᠦᠮᠵᠢᠲᠡᠶ ᠠᠷᠢᠯᠭᠠᠵᠤ᠂ ᠵᠡᠭᠡᠯᠢ ᠭᠤᠳᠤᠮᠵᠢ ᠶᠢᠨ ᠠᠮᠤᠷ ᠲᠦᠪᠰᠢᠨ ᠲᠣᠭᠲᠠᠭᠤᠨ ᠳᠤ ᠪᠠᠲᠤ ᠪᠠᠬᠢ ᠰᠠᠭᠤᠷᠢ ᠲᠠᠯᠪᠢᠵᠠᠢ᠃ ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠬᠢᠩᠭᠠᠨ ᠵᠡᠭᠡᠯᠢ ᠶᠢᠨ ᠬᠢᠨ ᠰᠠᠯᠠᠭ᠎ᠠ ᠮᠥᠴᠢᠷ ᠤᠨ ᠬᠠᠮᠵᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ᠃
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号