| ᠣᠶᠢᠷ᠎ᠠ ᠳᠤ᠂ ᠤᠯᠠᠭᠠᠨᠬᠤᠲᠠ ᠶᠢᠨ ᠬᠢᠩᠭᠠᠨ ᠵᠡᠭᠡᠯᠢ ᠶᠢᠨ ᠱᠦᠨ ᠳ᠋ᠠ ᠨᠡᠶᠢᠭᠡᠮ ᠲᠣᠭᠤᠷᠢᠭ ᠤᠨ ᠲᠡᠮᠦᠷ ᠵᠠᠮ | ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠡᠬᠢᠯᠡᠭᠦᠯᠵᠦ᠂ ᠰᠠᠭᠤᠭᠠᠯᠢ | ᠠᠷᠠᠳ ᠲᠤ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ᠂ ᠲᠠᠭᠠᠯᠠᠮᠵᠢᠲᠠᠶ᠂ ᠳᠥᠭᠦᠮ ᠳᠥᠳ᠋᠊ ᠡ ᠠᠮᠢᠳᠤᠷᠠᠯ ᠤᠨ | ᠣᠷᠴᠢᠨ ᠲᠣᠭᠤᠷᠢᠨ ᠢ ᠪᠣᠶ ᠪᠣᠯᠭᠠᠵᠤ ᠥᠭᠴᠦ ᠪᠠᠶᠢᠨ᠎ᠠ᠃ | | | | | | | ᠥᠭᠡᠷᠡᠴᠢᠯᠡᠯᠲᠡ ᠶᠢᠨ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ᠂ ᠪᠠᠴᠢᠮ ᠶᠠᠭᠠᠷᠠᠤ ᠪᠠᠷᠢᠯᠭ᠎ᠠ ᠶᠢᠨ | ᠠᠵᠢᠯ ᠤᠨ ᠪᠠᠶᠢᠳᠠᠯ ᠬᠠᠷᠠᠭᠠᠨ ᠳᠤ ᠲᠣᠳᠣᠷᠠᠵᠤ᠂ ᠡᠷᠭᠢᠯᠳᠦᠭᠡ ᠥᠷᠥᠮᠳᠡᠭᠦᠷ ᠮᠠᠰᠢᠨ᠂ ᠤᠬᠤᠭᠤᠷ ᠮᠠᠰᠢᠨ ᠶᠠᠭ | ᠪᠠᠴᠢᠮ ᠶᠠᠭᠠᠷᠠᠯᠲᠠᠢ ᠠᠵᠢᠯᠯᠠᠵᠤ ᠪᠠᠶᠢᠨ᠎ᠠ᠂ ᠠᠵᠢᠯᠴᠢᠨ ᠨᠠᠷ ᠬᠡᠮᠵᠢᠬᠦ᠂ ᠴᠡᠭ ᠲᠣᠭᠲᠠᠭᠠᠬᠤ᠂ ᠨᠦᠬᠡ ᠭᠠᠷᠭᠠᠵᠤ᠂ | ᠬᠤᠭᠤᠯᠠᠢ ᠲᠣᠣᠷ ᠢ ᠥᠭᠡᠷᠡᠴᠢᠯᠡᠬᠦ ᠠᠵᠢᠯ ᠳᠤ ᠰᠠᠶᠢᠲᠤᠷ ᠪᠡᠯᠡᠳᠬᠡᠯ ᠬᠢᠨ᠎ᠡ᠃ | | | | | | | ︽ᠲᠣᠰ ᠲᠥᠷᠥᠯ ᠵᠦᠢᠯ ᠢ 4 ᠰᠠᠷ᠎ᠠ ᠶᠢᠨ 3 ᠤ ᠡᠳᠦᠷ ᠵᠢᠩᠬᠢᠨᠢ ᠪᠠᠷ ᠡᠬᠢᠯᠡᠭᠦᠯᠵᠦ᠂ ᠣᠳᠣᠬᠠᠨ ᠳᠤ ᠶᠠᠭ | ᠪᠣᠬᠢᠷ ᠤᠰᠤ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠵᠦ ᠪᠠᠶᠢᠨ᠎ᠠ᠂ ᠵᠠᠯᠭᠠᠭᠠᠳ ᠠᠰᠠᠷ ᠤᠨ | ᠭᠠᠳᠠᠷ ᠬᠡᠷᠡᠮ ᠤᠨ ᠳᠤᠯᠠᠭᠠᠨ ᠢ ᠬᠠᠮᠠᠭᠠᠯᠠᠬᠤ᠂ ᠬᠡᠷ ᠤᠨ ᠤᠰᠤ ᠰᠡᠷᠭᠡᠶᠢᠯᠡᠬᠦ ᠵᠡᠷᠭᠡ ᠠᠵᠢᠯ ᠢ ᠪᠥᠬᠦ ᠲᠠᠯ᠎ᠠ ᠪᠠᠷ ᠲᠠᠰ | ᠳᠡᠪᠰᠢᠭᠦᠯᠵᠦ᠂ ᠰᠠᠭᠤᠷᠢ ᠴᠢᠳᠠᠮᠵᠢ ᠶᠢ ᠲᠡᠭᠦᠯᠳᠡᠷᠵᠢᠭᠦᠯᠬᠦ ᠶᠢᠨ ᠬᠠᠮᠲᠤ᠂ ᠢᠵᠢ ᠪᠥᠷᠢᠳᠦᠭᠦᠯᠬᠦ ᠦᠢᠯᠡᠴᠢᠯᠡᠭᠡ ᠶᠢ | ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠵᠢᠯ ᠤᠨ ᠡᠴᠦᠰ ᠠᠴᠠ ᠡᠮᠦᠨ᠎ᠡ ᠪᠦᠬᠦᠨ ᠢ ᠳᠠᠭᠤᠰᠬᠠᠬᠤ ᠪᠠᠷ ᠲᠥᠯᠥᠪᠯᠡᠵᠦ | ᠪᠣᠶ︾ ᠭᠡᠵᠦ ᠤᠯᠠᠭᠠᠨᠬᠤᠲᠠ ᠶᠢᠨ ᠬᠢᠩᠭᠠᠨ ᠵᠡᠭᠡᠯᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠯᠢᠦ | ᠰᠢᠶᠠᠨ ᠳ᠋ᠠ ᠲᠠᠨᠢᠯᠴᠠᠭᠤᠯᠪᠠ᠃ | | | | | | | ᠣᠶᠢᠯᠠᠭᠠᠭᠰᠠᠨ ᠢᠶᠠᠷ᠂ ᠲᠡᠮᠦᠷ ᠵᠠᠮ ᠰᠠᠭᠤᠭᠠᠯᠢ ᠠᠷᠠᠳ ᠤᠨ ᠲᠣᠭᠤᠷᠢᠭ ᠢ 1992 ᠣᠨ ᠳᠤ ᠪᠠᠶᠢᠭᠤᠯᠵᠤ | ᠂ ᠨᠡᠶᠢᠲᠡ 14 ᠰᠠᠭᠤᠷᠢ ᠠᠰᠠᠷ ᠤᠨ 226 ᠡᠷᠦᠬᠡ ᠰᠠᠭᠤᠭᠠᠯᠢ ᠠᠷᠠᠳ ᠲᠠᠢ ᠪᠠᠶᠢᠵᠤ᠂ ᠶᠡᠷᠦᠩᠬᠡᠶ ᠪᠠᠷᠢᠯᠭ᠎ᠠ ᠶᠢᠨ | ᠲᠠᠯᠠᠪᠠᠶ ᠨᠢ 6.52 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃ ᠰᠠᠭᠤᠭᠠᠯᠢ ᠠᠷᠠᠳ ᠤᠨ ᠲᠣᠭᠤᠷᠢᠭ | ᠪᠠᠶᠢᠭᠤᠯᠤᠭᠳᠠᠭᠠᠳ ᠤᠳᠠᠭᠠᠨ ᠵᠢᠯ ᠪᠣᠯᠵᠤ᠂ ᠬᠤᠭᠤᠯᠠᠶ ᠲᠣᠤᠷ ᠬᠠᠭᠤᠴᠢᠷᠠᠵᠤ᠂ ᠭᠠᠳᠠᠷ ᠬᠡᠷᠡᠮ ᠨᠢ ᠬᠦᠨᠳᠦ | ᠨᠣᠴᠢᠲᠠᠶ ᠡᠪᠳᠡᠭᠳᠡᠭᠰᠡᠨ ᠠᠴᠠ ᠳᠤᠯᠠᠭᠠᠨ ᠢ ᠬᠠᠮᠠᠭᠠᠯᠠᠬᠤ ᠦᠷ᠎ᠡ ᠪᠦᠲᠦᠮᠵᠢ ᠪᠠᠷ ᠮᠠᠭᠤ᠂ ᠢᠯᠴᠢ ᠬᠠᠩᠭᠠᠬᠤ ᠶᠠᠰᠤ | ᠴᠢᠨᠠᠷ ᠨᠢ ᠨᠡᠯᠢᠶᠡᠳ ᠠᠨᠠᠶ ᠪᠣᠯᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠢ ᠬᠦᠨᠳᠦ ᠨᠣᠴᠢᠲᠠᠶ | ᠨᠥᠯᠥᠭᠡᠯᠡᠭᠰᠡᠨ ᠪᠠᠶᠢᠨ᠎ᠠ᠃ 2025 ᠣᠨ ᠳᠤ᠂ ᠤᠯᠠᠭᠠᠨᠬᠤᠲᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ | ᠥᠭᠡᠷᠡᠴᠢᠯᠡᠨ ᠪᠠᠶᠢᠭᠤᠯᠬᠤ ᠪᠠ ᠳᠤᠯᠠᠭᠠᠯᠠᠭ᠎ᠠ ᠶᠢᠨ ᠢᠨᠵᠧᠨᠧᠷᠢᠩ ᠤᠨ ᠲᠥᠷᠥᠯ ᠵᠦᠢᠯ ᠲᠠᠢ ᠤᠶᠠᠯᠳᠤᠭᠤᠯᠤᠨ᠂ | ᠲᠣᠰ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ | 1400 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠭᠠᠳᠠᠷ ᠬᠡᠷᠡᠮ ᠤᠨ ᠳᠤᠯᠠᠭᠠᠨ ᠢ | ᠬᠠᠮᠠᠭᠠᠯᠠᠬᠤ᠂ ᠬᠡᠷᠡᠮ ᠤᠨ ᠤᠰᠤ ᠶᠢ ᠰᠡᠷᠭᠡᠶᠢᠯᠡᠬᠦ᠂ ᠪᠣᠬᠢᠷ ᠤᠰᠤ᠂ ᠢᠯᠴᠢ ᠬᠠᠩᠭᠠᠬᠤ ᠬᠤᠭᠤᠯᠠᠶ ᠲᠣᠤᠷ ᠵᠡᠷᠭᠡ | ᠲᠥᠷᠥᠯ ᠵᠦᠢᠯ ᠢ ᠪᠥᠬᠦ ᠲᠠᠯ᠎ᠠ ᠪᠠᠷ ᠥᠭᠡᠷᠡᠴᠢᠯᠡᠨ ᠪᠠᠶᠢᠭᠤᠯᠵᠤ᠂ ᠰᠠᠭᠤᠭᠠᠯᠢ ᠠᠷᠠᠳ ᠲᠤ ᠴᠡᠪᠡᠷ ᠴᠡᠮᠴᠡᠭᠡᠷ᠂ ᠠᠮᠤᠷ | ᠲᠦᠪᠰᠢᠨ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠬᠠᠩᠭᠠᠵᠤ᠂ ᠰᠠᠭᠤᠭᠠᠯᠢ | ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠪᠣᠯᠤᠨ᠎ᠠ᠃ | | | | |