| ᠨᠢᠳᠤᠨᠤᠨ ᠠᠴᠠ ᠨᠠᠭᠠᠰᠢ᠂ ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤ ᠪᠦᠬᠦ ᠪᠠᠯᠭᠠᠰᠤ ᠪᠠᠷ ᠢᠶᠠᠨ | ᠲᠤᠰᠬᠤᠨ ᠬᠤᠯᠪᠤᠭᠠᠯᠠᠭᠰᠠᠨ ᠤᠰᠤ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠣᠳᠣᠬᠠᠨ ᠳᠤ | ᠨᠢᠭᠡᠨᠲᠡ ᠱᠠᠲᠤ ᠦᠶᠡᠴᠢ ᠴᠢᠨᠠᠷᠲᠠᠶ ᠦᠷ᠎ᠡ ᠪᠦᠲᠦᠭᠡᠯ ᠣᠯᠵᠤ᠂ 3000 ᠭᠠᠷᠤᠶ ᠣᠯᠠᠨ ᠲᠦᠮᠡᠨ ᠳᠤ ᠠᠰᠢᠭ | ᠬᠦᠷᠲᠡᠭᠡᠵᠦ᠂ ᠲᠣᠰᠬᠤᠨ ᠤ ᠠᠷᠠᠳ ᠤᠨ ᠤᠰᠤ ᠠᠷᠪᠢᠯᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ | ᠤᠰᠤ ᠬᠠᠩᠭᠠᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠬᠢᠪᠡ᠃ | ᠲᠠᠪᠢᠨ ᠦᠷᠲᠡᠭᠡ ᠪᠠᠯᠭᠠᠰᠤᠨ ᠤ ᠲᠦᠭᠡᠭᠡᠯ ᠤᠰᠤᠨ ᠤ ᠦᠢᠯᠡᠳᠪᠦᠷᠢ ᠳᠤ ᠬᠦᠷᠬᠦ ᠳᠤ᠂ ᠲᠡᠷᠢᠭᠦᠨ ᠤ ᠤᠰᠤ | ᠰᠢᠢᠳᠪᠦᠷᠢᠯᠡᠬᠦ ᠲᠥᠬᠦᠭᠡᠷᠦᠮᠵᠢ ᠶᠠᠭ ᠡᠮᠬᠢ ᠵᠢᠷᠤᠮ ᠲᠠᠢ ᠠᠵᠢᠯᠯᠠᠵᠤ ᠪᠠᠶᠢᠨ᠎ᠠ᠃ ᠠᠷᠢᠭᠤᠨ ᠴᠡᠪᠡᠷ᠂ ᠠᠮᠤᠷ | ᠲᠦᠪᠰᠢᠨ ᠤᠤᠭᠤᠬᠤ ᠤᠰᠤ ᠶᠢ ᠲᠣᠰᠬᠤᠨ ᠤ ᠠᠷᠠᠳ ᠤᠨ ᠭᠡᠷ ᠲᠤ ᠬᠦᠷᠭᠡᠬᠦ ᠶᠢᠨ ᠲᠥᠯᠥᠭᠡ᠂ ᠥᠪᠥᠷ | ᠮᠣᠩᠭᠤᠯ ᠤᠨ ᠵᠢᠦ ᠰᠢᠨ ᠤᠰᠤᠨ ᠠᠰᠢᠭᠯᠠᠯᠲᠠ ᠤᠰᠤᠨ ᠴᠠᠬᠢᠯᠭᠠᠨ ᠤ ᠪᠦᠷᠢᠨ ᠪᠤᠰᠤ ᠬᠠᠷᠢᠭᠤᠴᠠᠯᠭᠠᠲᠤ | ᠺᠣᠮᠫᠠᠨᠢ ᠶᠢᠨ ᠮᠡᠷᠭᠡᠵᠢᠯᠲᠡᠨ ᠯᠢᠦ ᠱᠢ ᠮᠢᠩ ᠦᠢᠯᠡᠳᠪᠦᠷᠢ ᠶᠢᠨ ᠲᠠᠰᠤᠭ ᠲᠤ ᠲᠣᠭᠤᠷᠢᠨ ᠪᠠᠶᠢᠴᠠᠭᠠᠵᠤ ᠪᠠᠶᠢᠯ᠎ᠠ᠃ ︽ | ᠪᠢᠳᠡ ᠡᠳᠦᠷ ᠪᠦᠷᠢ ᠲᠦᠭᠦᠬᠡᠶ ᠤᠰᠤ ᠶᠢ ᠴᠡᠪᠡᠷᠰᠢᠭᠦᠯᠬᠦ ᠰᠢᠢᠳᠪᠦᠷᠢᠯᠡᠯᠲᠡ ᠬᠢᠵᠦ᠂ ᠦᠢᠯᠡᠳᠪᠦᠷᠢ ᠠᠴᠠ ᠭᠠᠷᠬᠤ | ᠤᠰᠤᠨ ᠤ ᠴᠢᠨᠠᠷ ᠢ ᠤᠯᠤᠰ ᠤᠨ ᠪᠠᠷᠢᠮᠵᠢᠶ᠎ᠠ ᠳᠤ ᠪᠦᠷᠢᠮᠦᠰᠦᠨ ᠨᠡᠶᠢᠴᠡᠭᠦᠯᠬᠦ ᠶᠢ ᠦᠨᠡᠨ ᠬᠦ ᠪᠠᠲᠤᠯᠠᠵᠤ᠂ ᠤᠰᠤ | ᠬᠠᠩᠭᠠᠬᠤ ᠠᠮᠤᠷ ᠲᠦᠪᠰᠢᠨ ᠢ ᠪᠠᠲᠤᠯᠠᠵᠤ ᠪᠠᠶᠢᠨ᠎ᠠ︾ ᠭᠡᠵᠦ ᠯᠢᠦ ᠱᠢ ᠮᠢᠩ ᠬᠡᠯᠡᠪᠡ᠃ | | | | | | | ᠲᠠᠪᠢᠨ ᠦᠷᠲᠡᠭᠡ ᠪᠠᠯᠭᠠᠰᠤᠨ ᠤ ᠵᠢᠶᠠᠨ ᠱᠧ ᠲᠣᠰᠬᠤᠨ ᠳᠤ᠂ ᠲᠣᠰᠬᠤᠨ ᠤ ᠠᠷᠠᠳ ᠬᠠᠨ ᠶᠠᠨ ᠫᠢᠩ | ᠤᠰᠤᠨ ᠴᠣᠷᠭᠤ ᠪᠠᠨ ᠨᠡᠭᠡᠬᠡᠵᠦ᠂ ᠴᠡᠪᠡᠷ ᠲᠤᠩᠭᠠᠯᠠᠭ ᠤᠰᠤ ᠲᠣᠰᠤᠨᠠ᠃ ᠥᠩᠭᠡᠷᠡᠭᠰᠡᠨ ᠳᠤ ᠬᠤᠳᠳᠤᠭ ᠤᠨ | ᠤᠰᠤ ᠬᠡᠷᠡᠭᠯᠡᠵᠦ᠂ ᠤᠰᠤᠨ ᠤ ᠴᠢᠨᠠᠷ ᠨᠢ ᠲᠡᠶᠢᠮᠦ ᠰᠠᠶᠢᠨ ᠪᠢᠰᠢ᠂ ᠡᠪᠦᠯ ᠪᠣᠯᠬᠤ ᠳᠤ ᠤᠰᠤᠨ ᠬᠤᠭᠤᠯᠠᠢ ᠪᠠᠰᠠ | ᠬᠥᠯᠳᠡᠳᠡᠭ᠃ ᠣᠳᠣ ᠲᠦᠭᠡᠭᠡᠯ ᠤᠰᠤ ᠣᠷᠣᠭᠤᠯᠵᠠᠢ᠂ ᠤᠰᠤᠨ ᠤ ᠴᠢᠨᠠᠷ ᠲᠤᠩ ᠰᠠᠶᠢᠨ︾ ᠭᠡᠵᠦ ᠲᠤᠰᠬᠤᠨ ᠤ | ᠠᠷᠠᠳ ᠬᠠᠨ ᠶᠠᠨ ᠫᠢᠩ ᠰᠡᠳᠬᠢᠯ ᠳᠣᠭᠳᠣᠯᠤᠨ ᠬᠡᠯᠡᠪᠡ᠃ | ᠤᠯᠠᠭᠠᠨᠬᠤᠲᠠ ᠶᠢᠨ ᠲᠠᠪᠢᠨ ᠥᠷᠲᠡᠭᠡ ᠪᠠᠯᠭᠠᠰᠤ ᠣᠯᠠᠨ ᠠᠷᠭ᠎ᠠ ᠬᠡᠮᠵᠢᠶ᠎ᠡ ᠪᠠᠷ ᠲᠤᠰᠬᠤᠨ ᠬᠤᠯᠪᠤᠭᠠᠯᠠᠭᠰᠠᠨ | ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠠᠬᠢᠭᠤᠯᠵᠤ᠂ ᠣᠲᠣ ᠨᠢᠭᠡᠨᠲᠡ ᠱᠠᠲᠤ ᠦᠶᠡᠴᠢ ᠴᠢᠨᠠᠷᠲᠠᠶ | ᠦᠷ᠎ᠡ ᠪᠦᠲᠦᠮᠵᠢ ᠣᠯᠵᠤ᠂ ᠣᠷᠣᠨ ᠪᠦᠰᠡ ᠬᠤᠪᠢᠶᠠᠨ ᠤᠰᠤ ᠬᠠᠩᠭᠠᠬᠤ ᠶᠢ ᠪᠡᠶᠡᠯᠡᠭᠦᠯᠵᠦ᠂ 937 ᠡᠷᠦᠬᠡ᠂ | ᠲᠣᠰᠬᠤᠨ ᠤ 3166 ᠠᠷᠠᠳ ᠲᠤ ᠠᠰᠢᠭ ᠬᠦᠷᠲᠡᠭᠡᠵᠦ᠂ ᠲᠣᠰᠬᠤᠨ ᠤ ᠠᠷᠠᠳ ᠤᠨ ᠵᠣᠯ ᠵᠢᠷᠭᠠᠯᠲᠤ ᠲᠥᠷᠥᠭᠳᠡᠯ᠂ | ᠬᠠᠨᠤᠮᠵᠢ ᠶᠢᠨ ᠬᠡᠮᠵᠢᠶ᠎ᠡ ᠪᠠ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠪᠡ᠃ ᠡᠮᠦᠨᠡᠬᠢ ᠬᠤᠭᠤᠴᠠᠭᠠᠨ ᠤ | ᠢᠨᠵᠧᠨᠧᠷᠢᠩ ᠤᠨ ᠣᠯᠤᠭᠰᠠᠨ ᠦᠷ᠎ᠡ ᠪᠦᠲᠦᠭᠡᠯ ᠨᠢ ᠪᠥᠬᠦ ᠪᠠᠯᠭᠠᠰᠤᠨ ᠤ ᠲᠣᠰᠬᠤᠨ ᠤ ᠠᠷᠠᠳ ᠤᠨ ᠰᠢᠨᠵᠢᠯᠡᠬᠦ | ᠤᠬᠠᠭᠠᠨᠴᠢ ᠪᠠᠷ ᠤᠰᠤ ᠬᠡᠷᠡᠭᠯᠡᠬᠦ ᠳᠤ ᠪᠠᠲᠤ ᠪᠠᠬᠢ ᠰᠠᠭᠤᠷᠢ ᠶᠢ ᠪᠠᠬᠢᠵᠢᠭᠦᠯᠵᠦ᠂ ᠠᠷᠠᠳ ᠤᠨ ᠠᠮᠢᠳᠤᠷᠠᠯ ᠤᠨ | ᠬᠠᠷᠢᠭᠤᠯᠲᠠ ᠶᠢᠨ ᠬᠠᠭᠤᠳᠠᠰᠤ ᠶᠢ ᠰᠡᠳᠬᠢᠯ ᠳᠡᠯᠪᠢᠨ ᠪᠢᠴᠢᠭᠯᠡᠵᠦ ᠪᠠᠶᠢᠨ᠎ᠠ᠃ | | | | | | | ︽ᠲᠠᠪᠢᠨ ᠥᠷᠲᠡᠭᠡ ᠪᠠᠯᠭᠠᠰᠤ ᠶᠠᠭ ᠱᠤ᠋ ᠭᠤᠸᠠᠩ ᠲᠣᠰᠬᠤᠨ ᠪᠣᠯᠤᠨ ᠰᠢᠨᠬᠤᠸᠠ ᠲᠣᠰᠬᠤᠨ ᠤ ᠪᠠᠭ᠎ᠠ | ᠪᠠᠷᠢᠭᠠᠳᠠ ᠶᠢ ᠬᠤᠯᠪᠤᠭᠠᠯᠠᠭᠰᠠᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ | ᠪᠠᠶᠢᠨ᠎ᠠ᠂ ᠪᠦᠬᠦ ᠪᠠᠯᠭᠠᠰᠤᠨ ᠳᠤ ᠲᠥᠪᠯᠡᠷᠡᠭᠦᠯᠦᠨ ᠤᠰᠤ ᠬᠠᠩᠭᠠᠬᠤ᠂ ᠲᠥᠯᠥᠪᠯᠡᠭᠡ ᠲᠠᠢ ᠪᠠᠷ ᠤᠰᠤ ᠬᠡᠷᠡᠭᠯᠡᠬᠦ ᠶᠢ | ᠪᠡᠶᠡᠯᠡᠭᠦᠯᠵᠦ᠂ ᠪᠦᠬᠦ ᠪᠠᠯᠭᠠᠰᠤᠨ ᠤ ᠡᠯ᠎ᠡ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠪᠣᠯᠤᠨ ᠬᠤᠳᠠᠯᠳᠤᠭᠠᠴᠢᠨ | ᠡᠷᠦᠬᠡ᠂ ᠲᠠᠷᠢᠶᠠᠴᠢᠨ ᠡᠷᠦᠬᠡ ᠴᠥᠮ ᠬᠠᠩᠭᠠᠯᠭ᠎ᠠ ᠨᠢ ᠨᠡᠩ ᠲᠣᠭᠲᠠᠭᠤᠨ᠂ ᠠᠷᠢᠭᠤᠨ ᠴᠡᠪᠡᠷ ᠤᠰᠤ ᠶᠢ ᠬᠡᠷᠡᠭᠯᠡᠬᠦ | ᠪᠣᠯᠤᠨ᠎ᠠ︾ ᠭᠡᠵᠦ ᠤᠯᠠᠭᠠᠨᠬᠤᠲᠠ ᠶᠢᠨ ᠲᠠᠪᠢᠨ ᠦᠷᠲᠡᠭᠡ ᠪᠠᠯᠭᠠᠰᠤᠨ ᠤ ᠳᠡᠳ᠋ ᠳᠠᠷᠤᠭ᠎ᠠ ᠸᠠᠩ ᠲᠦᠩ ᠢᠦᠢ | ᠬᠡᠯᠡᠪᠡ᠃ | | | | |