| | 2025 ᠣᠨ ᠤ 5 ᠰᠠᠷ᠎ᠠ ᠶᠢᠨ 12 ᠤᠨ ᠡᠳᠦᠷ ᠪᠣᠯ 17 ᠳ᠋ᠤᠭᠠᠷ ᠪᠥᠬᠦ ᠤᠯᠤᠰ ᠤᠨ ︽ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠪᠣᠯᠤᠨ᠎ᠠ᠂ ᠡᠨᠡ ᠵᠢᠯ ᠤᠨ ᠭᠤᠤᠯ ᠰᠡᠳᠦᠪ ᠪᠣᠯ ︽ᠬᠥᠮᠦᠨ | ᠪᠦᠬᠦᠨ ᠠᠮᠤᠷ ᠲᠦᠪᠰᠢᠨ ᠢ ᠡᠷᠬᠢᠮᠯᠡᠵᠦ᠂ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ - ᠳᠡᠷᠭᠡᠳᠡᠬᠢ ᠭᠠᠢ | ᠭᠠᠮᠰᠢᠭ ᠤᠨ ᠬᠡᠮ ᠰᠣᠭᠤᠭ ᠢ ᠵᠢᠭᠰᠠᠭᠠᠨ ᠪᠠᠶᠢᠴᠠᠭᠠᠶ᠎ᠠ︾ ᠪᠣᠯᠤᠨ᠎ᠠ᠃ ᠰᠠᠭᠤᠭᠠᠯᠢ ᠠᠷᠠᠳ ᠵᠢᠴᠢ ᠬᠤᠳᠠᠯᠳᠤᠭᠠᠨ ᠤ | ᠡᠷᠦᠬᠡ ᠶᠢᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠮᠰᠠᠷ ᠢ ᠴᠢᠩᠭᠠᠳᠬᠠᠵᠤ᠂ ᠭᠠᠮᠰᠢᠭ ᠢ | ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠬᠢᠩᠭᠠᠨ ᠬᠡᠷᠡᠭ ᠡᠷᠬᠢᠯᠡᠬᠦ ᠭᠠᠵᠠᠷ ᠢᠳᠡᠪᠬᠢᠲᠡᠶ | ᠬᠥᠳᠡᠯᠦᠯᠴᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠷ᠎ᠡ ᠪᠦᠲᠦᠮᠵᠢ ᠲᠠᠢ ᠤᠬᠠᠭᠤᠯᠭ᠎ᠠ ᠶᠢᠨ | ᠠᠵᠢᠯᠯᠠᠭ᠎ᠠ ᠥᠷᠨᠢᠭᠦᠯᠪᠡ᠃ | | | | | | | | | ᠲᠤᠰ ᠡᠳᠦᠷ᠂ ᠬᠢᠩᠭᠠᠨ ᠬᠡᠷᠡᠭ ᠡᠷᠬᠢᠯᠡᠬᠦ ᠭᠠᠵᠠᠷ ᠤᠨ ᠠᠵᠢᠯᠲᠠᠳ ᠨᠡᠶᠢᠭᠡᠮ ᠲᠣᠭᠤᠷᠢᠭ ᠪᠣᠯᠤᠨ ︽ᠶᠢᠰᠦᠨ | ᠪᠠᠭ᠎ᠠ ᠲᠠᠯᠠᠪᠤᠷ︾ ᠢᠶᠠᠷ ᠭᠦᠨᠵᠡᠭᠡᠶᠢᠷᠡᠵᠦ ᠤᠬᠠᠭᠤᠯᠭ᠎ᠠ ᠬᠢᠪᠡ᠃ ᠨᠡᠶᠢᠭᠡᠮ ᠲᠣᠭᠤᠷᠢᠭ ᠲᠤ ᠠᠵᠢᠯᠲᠠᠳ ᠨᠠᠭᠠᠰᠢ | ᠴᠠᠭᠠᠰᠢ ᠥᠩᠭᠡᠷᠡᠬᠦ ᠰᠠᠭᠤᠭᠠᠯᠢ ᠠᠷᠠᠳ ᠲᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠭᠠᠵᠠᠷ ᠬᠥᠳᠡᠯᠦᠯᠲᠡ᠂ | ᠭᠠᠯ ᠤᠨ ᠭᠠᠮᠰᠢᠭ᠂ ᠦᠶᠡᠷ ᠵᠡᠷᠭᠡ ᠪᠠᠶᠢᠩᠭᠤ ᠲᠣᠬᠢᠶᠠᠯᠳᠤᠳᠠᠭ ᠭᠠᠮᠰᠢᠭ ᠡᠭᠦᠰᠬᠦ ᠦᠶ᠎ᠡ ᠶᠢᠨ ᠠᠷᠭᠠᠴᠠᠭᠠᠬᠤ ᠠᠷᠭ᠎ᠠ | ᠵᠢᠴᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠣᠷᠣᠰᠢᠵᠤ ᠮᠡᠳᠡᠬᠦ ᠭᠠᠮᠰᠢᠭ ᠤᠨ ᠳᠠᠯᠳᠠ ᠭᠡᠮ ᠢ ᠬᠡᠷᠬᠢᠨ | ᠵᠢᠭᠰᠠᠭᠠᠨ ᠪᠠᠶᠢᠴᠠᠭᠠᠬᠤ ᠲᠤᠬᠠᠶ᠂ ᠵᠢᠱᠢᠶᠡᠯᠡᠪᠡᠯ ᠬᠠᠭᠤᠴᠢᠨ ᠴᠠᠬᠢᠯᠭᠠᠨ ᠤᠲᠠᠰᠤ᠂ ᠠᠰᠠᠷ ᠤᠨ ᠬᠤᠩᠭᠢᠯ ᠤᠨ | ᠡᠯᠳᠡᠪ ᠶᠠᠭᠤᠮ᠎ᠠ ᠣᠪᠣᠭᠠᠯᠠᠬᠤ ᠵᠡᠷᠭᠡ ᠠᠰᠠᠭᠤᠳᠠᠯ ᠢ ᠨᠠᠷᠢᠨ ᠲᠠᠨᠢᠯᠴᠠᠭᠤᠯᠵᠠᠶ᠃ ᠠᠵᠢᠯᠲᠠᠳ ᠠᠴᠠ ᠰᠠᠭᠤᠭᠠᠯᠢ | ᠠᠷᠠᠳ ᠤᠨ ᠳᠤᠷᠠᠳᠤᠭᠰᠠᠨ ᠮᠠᠳᠠᠭ ᠲᠠᠢ ᠠᠰᠠᠭ᠋ᠯᠲᠠ ᠶᠢ ᠬᠦᠯᠢᠴᠡᠩᠭᠦᠢ ᠪᠠᠷ ᠨᠢᠭᠡᠳ ᠨᠢᠭᠡ ᠪᠠᠷ ᠬᠠᠷᠢᠭᠤᠯᠲᠠ | ᠥᠭᠴᠦ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠰᠠᠭᠤᠭᠠᠯᠢ ᠠᠷᠠᠳ ᠢ ᠬᠠᠪᠰᠤᠷᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠮᠡᠳᠡᠯᠭᠡ ᠶᠢ ᠣᠶᠢᠯᠠᠭᠠᠭᠤᠯᠪᠠ᠃ | | | | | | | ︽ᠶᠢᠰᠦᠨ ᠪᠠᠭ᠎ᠠ ᠲᠠᠯᠠᠪᠤᠷ︾ ᠳᠤ᠂ ᠠᠵᠢᠯᠲᠠᠳ ᠭᠤᠤᠯᠳᠠᠭᠤ ᠬᠤᠳᠠᠯᠳᠤᠭᠠᠨ ᠤ ᠳᠡᠯᠭᠡᠭᠦᠷ ᠤᠨ | ᠡᠵᠡᠩᠨᠡᠭᠴᠢᠳ ᠲᠤ ᠴᠢᠭᠯᠡᠭᠦᠯᠦᠨ ᠤᠬᠠᠭᠤᠯᠭ᠎ᠠ ᠬᠥᠮᠦᠵᠢᠯ ᠥᠷᠨᠢᠭᠦᠯᠪᠡ᠃ ᠲᠡᠳᠡ ᠳᠡᠯᠭᠡᠭᠦᠷ ᠲᠤ ᠣᠷᠣᠵᠤ᠂ | ᠳᠡᠯᠭᠡᠭᠦᠷ ᠤᠨ ᠡᠵᠡᠨ ᠳᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠳᠡᠪᠲᠡᠷ ᠬᠦᠷᠭᠡᠭᠰᠡᠨ | ᠪᠥᠭᠡᠳ ᠳᠡᠯᠭᠡᠭᠦᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠯ ᠤᠨ ᠠᠶᠤᠯ ᠢ ᠰᠡᠷᠭᠡᠶᠢᠯᠡᠬᠦ᠂ ᠭᠠᠯ | ᠤᠨᠲᠠᠷᠠᠭᠠᠬᠤ ᠲᠥᠬᠦᠭᠡᠷᠦᠮᠵᠢ ᠶᠢ ᠬᠡᠷᠡᠭᠯᠡᠬᠦ ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠪᠠ᠃ | | | | | | | ᠲᠣᠰ ᠤᠳᠠᠭᠠᠨ ᠤ ᠠᠵᠢᠯᠯᠠᠭ᠎ᠠ ᠳᠤ᠂ ᠬᠢᠩᠭᠠᠨ ᠬᠡᠷᠡᠭ ᠡᠷᠬᠢᠯᠡᠬᠦ ᠭᠠᠵᠠᠷ ᠨᠡᠶᠢᠲᠡ 70 ᠭᠠᠷᠤᠶ ᠬᠤᠪᠢ | ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠰᠠᠭᠤᠭᠠᠯᠢ ᠠᠷᠠᠳ ᠵᠢᠴᠢ ᠬᠤᠳᠠᠯᠳᠤᠭᠠᠨ ᠤ ᠡᠷᠦᠬᠡ ᠶᠢ 80 ᠭᠠᠷᠤᠶ | ᠬᠥᠮᠦᠨ ᠤᠳᠠᠭ᠎ᠠ ᠬᠠᠮᠤᠷᠴᠠᠶ᠃ ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠨ᠂ ᠰᠠᠭᠤᠭᠠᠯᠢ | ᠠᠷᠠᠳ ᠪᠣᠯᠤᠨ ︽ᠶᠢᠰᠦᠨ ᠪᠠᠭ᠎ᠠ ᠲᠠᠯᠠᠪᠤᠷ︾ ᠤᠨ ᠠᠵᠢᠯᠯᠠᠭᠰᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠤᠬᠠᠮᠰᠠᠷ ᠢ ᠪᠦᠲᠦᠮᠵᠢᠲᠡᠶ ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠨᠡᠶᠢᠭᠡᠮ ᠲᠣᠭᠤᠷᠢᠭ ᠤᠨ | ᠣᠷᠴᠢᠨ ᠲᠣᠭᠤᠷᠢᠨ ᠢ ᠪᠣᠶ ᠪᠣᠯᠭᠠᠬᠤ ᠳᠤ ᠪᠠᠲᠤ ᠪᠠᠬᠢ ᠰᠠᠭᠤᠷᠢ ᠲᠠᠯᠪᠢᠵᠤ᠂ ᠠᠮᠤᠷ ᠲᠦᠪᠰᠢᠨ ᠤ | ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃ | | | | |