ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ ᠨᠠᠷ ᠤᠯᠠᠭᠠᠨᠬᠤᠲᠠ ᠶᠢᠨ ᠰᠢᠨ᠎ᠡ ᠬᠤᠲᠠ ᠵᠡᠭᠡᠯᠢ ᠳᠤ ᠬᠦᠷᠴᠦ ᠠᠵᠢᠯ ᠪᠠᠶᠢᠴᠠᠭᠠᠵᠠᠢ
ᠨᠡᠶᠢᠲᠡᠯᠡᠭᠰᠡᠨ ᠴᠠᠭ᠄
2025/5/13
       ᠣᠶᠢᠷ᠎ᠠ ᠳᠤ᠂ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ ᠪᠦᠦ ᠯᠢ ᠶᠤᠸᠠᠨ᠂ ᠠᠶᠢᠮᠠᠭ ᠤᠨ ᠶᠡᠷᠦᠩᠬᠡᠶᠢᠯᠡᠨ ᠵᠠᠰᠠᠬᠤ ᠲᠥᠪ ᠤᠨ ᠡᠷᠬᠢᠯᠡᠭᠴᠢ ᠯᠢᠨ ᠰᠢᠤ ᠼᠢ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠳᠡᠳ᠋ ᠱᠦᠵᠢ ᠮᠠ ᠰᠢᠨ ᠸᠧᠶ᠂ ᠬᠤᠲᠠ ᠶᠢᠨ ᠶᠡᠷᠦᠩᠬᠡᠶᠢᠯᠡᠨ ᠵᠠᠰᠠᠬᠤ ᠲᠥᠪ ᠤᠨ ᠡᠷᠬᠢᠯᠡᠭᠴᠢ ᠵᠣᠣ ᠾᠧ ᠨᠠᠷ ᠤᠯᠠᠭᠠᠨᠬᠤᠲᠠ ᠶᠢᠨ ᠰᠢᠨ᠎ᠡ ᠬᠤᠲᠠ ᠴᠧᠩ ᠵᠡᠭᠡᠯᠢ ᠳᠤ ᠬᠦᠷᠴᠦ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢᠨ᠎ᠡ ᠬᠤᠲᠠ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ ᠢᠦᠶ ᠰᠢᠶᠤᠤ ᠮᠢᠩ᠂ ᠰᠢᠨ᠎ᠡ ᠬᠤᠲᠠ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠦ᠋ ᠬᠤᠩ ᠰᠢᠶᠠ ᠪᠠᠷ᠎ᠠ ᠪᠣᠯᠪᠠ᠃
1.jpg
       ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠰᠢᠨ᠎ᠡ ᠬᠤᠳᠠ ᠵᠡᠭᠡᠯᠢ ᠶᠢᠨ ᠶᠡᠷᠦᠩᠬᠡᠶᠢᠯᠡᠨ ᠵᠠᠰᠠᠬᠤ ᠲᠥᠪ ᠤᠨ ᠪᠦᠳᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠶᠡᠷᠦᠩᠬᠡᠶᠢᠯᠡᠨ ᠵᠠᠰᠠᠬᠤ ᠲᠥᠪ ᠤᠨ ᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠰᠢᠰᠲ᠋ᠧᠮ ᠤᠨ ᠲᠠᠪᠴᠠᠩ ᠪᠣᠯᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠭᠤᠣᠯ ᠠᠵᠢᠯᠯᠠᠭᠠᠨ ᠤ ᠲᠣᠭᠲᠠᠴᠠ ᠪᠣᠯᠤᠨ ᠠᠵᠢᠯ ᠤᠨ ᠶᠠᠪᠤᠴᠠ ᠶᠢ ᠨᠠᠷᠢᠨ ᠠᠰᠠᠭᠤᠨ ᠯᠠᠪᠯᠠᠵᠤ᠂ ᠮᠡᠳᠡᠭᠡ ᠵᠠᠩᠭᠢ ᠴᠤᠭᠯᠠᠭᠤᠯᠬᠤ᠂ ᠵᠥᠷᠢᠴᠡᠯ ᠢ ᠵᠢᠭᠰᠠᠭᠠᠨ ᠪᠠᠶᠢᠴᠠᠭᠠᠬᠤ᠂ ᠬᠡᠷᠡᠭ ᠰᠢᠢᠳᠪᠦᠷᠢᠯᠡᠬᠦ ᠵᠡᠷᠭᠡ ᠭᠤᠭᠴᠤᠭ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠭᠦᠨᠵᠡᠭᠡᠢ ᠤᠢᠢᠯᠠᠭᠠᠭᠰᠠᠨ ᠪᠥᠭᠡᠳ ᠰᠢᠨ᠎ᠡ ᠬᠤᠲᠠ ᠵᠡᠭᠡᠯᠢ ᠶᠢᠨ ᠶᠡᠷᠦᠩᠬᠡᠶᠢᠯᠡᠨ ᠵᠠᠰᠠᠬᠤ ᠲᠥᠪ ᠤᠨ ᠪᠦᠳᠦᠭᠡᠨ ᠪᠠᠶᠢᠭᠤᠯᠤᠯᠲᠠ ᠳᠤ ᠰᠠᠨᠠᠯ ᠰᠠᠨᠠᠭᠤᠯᠭ᠎ᠠ ᠳᠤᠷᠠᠳᠴᠠᠢ᠃
2.jpg
       ᠳᠠᠷᠠᠭᠠᠴᠢ ᠶᠢᠨ ᠠᠯᠬᠤᠮ ᠳᠤ᠂ ᠰᠢᠨ᠎ᠡ ᠬᠤᠳᠠ ᠵᠡᠭᠡᠯᠢ  ᠶᠢᠨ ᠶᠡᠷᠦᠩᠬᠡᠶᠢᠯᠡᠨ ᠵᠠᠰᠠᠬᠤ ᠲᠥᠪ ᠲᠤᠰ ᠤᠳᠠᠭᠠᠨ ᠤ ᠱᠠᠯᠠᠪᠳᠠᠭᠤᠯᠤᠨ ᠵᠢᠯᠣᠭᠤᠳᠤᠯᠭ᠎ᠠ ᠪᠠᠷ ᠭᠠᠷᠳᠠᠴᠠ ᠪᠣᠯᠭᠠᠵᠤ᠂ ᠰᠢᠨ᠎ᠡ ᠶᠢ ᠡᠭᠦᠳᠬᠦ ᠦᠢᠯᠡᠳᠦᠯᠭᠡ ᠶᠢ ᠦᠷᠭᠦᠯᠵᠢᠯᠡᠨ ᠠᠬᠢᠭᠤᠯᠵᠤ᠂ ᠶᠡᠷᠦᠩᠬᠡᠶᠢᠯᠡᠨ ᠵᠠᠰᠠᠬᠤ ᠲᠥᠪ ᠢ ᠴᠠᠭ ᠲᠤᠬᠠᠢ ᠳᠤᠨᠢ ᠲᠠᠭᠠᠬᠤ᠂ ᠥᠨᠳᠥᠷ ᠪᠦᠲᠦᠮᠵᠢᠲᠡᠢ᠂ ᠤᠯᠠᠨ ᠲᠦᠮᠡᠨ ᠤ ᠢᠲᠡᠭᠡᠬᠦ ᠠᠮᠤᠷ ᠲᠦᠪᠰᠢᠨ ᠤ ᠪᠠᠶᠢᠭᠤᠯᠤᠯᠲᠠ ᠶᠢᠨ ᠭᠤᠣᠯ ᠬᠦᠢᠰᠦ ᠪᠣᠯᠭᠠᠨ ᠪᠦᠬᠦ ᠬᠦᠴᠦᠨ ᠢᠶᠠᠷ ᠢᠶᠠᠨ ᠴᠣᠭᠴᠠᠯᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃   
 
ᠢᠷᠡᠯᠲᠡ᠄ ᠰᠢᠨ᠎ᠡ ᠬᠤᠲᠠ ᠶᠢᠨ ᠵᠡᠭᠡᠯᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号