1 - 3 ᠳ᠋ᠤᠭᠠᠷ ᠰᠠᠷ᠎ᠠ ᠳᠠᠬᠢ ᠤᠯᠠᠭᠠᠨᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2025/5/13
       3 ᠰᠠᠷ᠎ᠠ ᠳᠤ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠬᠦᠨ ᠤ ᠶᠡᠷᠦᠩᠬᠡᠶ ᠥᠷᠲᠡᠭ 21.67 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.48 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠪᠡ᠃ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ 61.92 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠨᠢ 62.24 ᠳ᠋ᠦᠩᠰᠢᠭᠤᠷ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5% ᠪᠠᠷ ᠪᠠᠭᠠᠰᠴᠤ᠂ 1 - 2 ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠤᠨ ᠨᠡᠮᠡᠭᠳᠡᠯ ᠤᠨ ᠬᠤᠷᠳᠤᠴᠠ - 5.9% ᠪᠠᠶᠢᠵᠤ᠂ 5.4 ᠵᠠᠭᠤᠨ ᠤ ᠬᠤᠪᠢ ᠳᠡᠭᠡᠭᠰᠢᠯᠡᠵᠡᠶ᠃ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠵᠦ᠂ 1 - 2 ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ -1.5% ᠪᠠᠭᠤᠷᠠᠵᠤ᠂ 5 ᠵᠠᠭᠤᠨ ᠤ ᠬᠤᠪᠢ ᠳᠡᠭᠡᠭᠰᠢᠯᠡᠵᠦ᠂ ᠨᠡᠮᠡᠭᠳᠡᠯ ᠦᠷᠲᠡᠭ ᠤᠨ ᠨᠡᠮᠡᠭᠳᠡᠯ ᠬᠤᠷᠳᠤᠴᠠ ᠰᠦᠬᠡᠷᠬᠦ ᠠᠴᠠ ᠪᠠᠨ ᠡᠶᠡᠷᠬᠦ ᠪᠣᠯᠵᠤ᠂ ᠪᠠᠶᠢᠳᠠᠯ ᠰᠠᠶᠢᠨ ᠪᠠᠶᠢᠨ᠎ᠠ᠃       ᠠᠵᠢᠯ ᠲᠦᠷᠦᠯ ᠢᠶᠠᠷ ᠬᠤᠪᠢᠶᠠᠵᠤ ᠦᠵᠡᠪᠡᠯ᠂ ᠮᠠᠨ ᠤ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠨᠡᠶᠢᠲᠡ 19 ᠠᠵᠢᠯ ᠲᠥᠷᠥᠯ ᠲᠠᠢ ᠬᠤᠯᠪᠣᠭᠳᠠᠵᠤ᠂ ᠦᠢᠯᠡᠳᠬᠦᠨ ᠤ ᠶᠡᠷᠦᠩᠬᠡᠶ ᠥᠷᠲᠡᠭ ᠤᠨ ᠨᠡᠮᠡᠭᠳᠡᠯ ᠤᠨ ᠬᠡᠪᠴᠢᠶ᠎ᠡ 57.9% ᠳᠤ ᠬᠦᠷᠴᠡᠶ᠃ ᠡᠭᠦᠨ ᠳᠤ ᠨᠡᠮᠡᠭᠳᠡᠯ ᠤᠨ ᠬᠤᠷᠳᠤᠴᠠ ᠨᠢ ᠡᠮᠦᠨ᠎ᠡ ᠭᠤᠷᠪᠠ ᠳᠤ ᠳᠣᠤᠷᠠᠬᠢ ᠠᠵᠢᠯ ᠲᠦᠷᠦᠯ ᠵᠢᠭᠰᠠᠭᠠᠭᠳᠠᠪᠠ᠄ ᠴᠠᠬᠢᠯᠭᠠᠨ ᠤ ᠮᠠᠰᠢᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠦᠢᠯᠡᠳᠬᠦᠨ ᠤ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 126.7% ᠪᠠᠷ ᠨᠡᠮᠡᠭᠳᠡᠪᠡ᠂ ᠲᠡᠮᠦᠷᠯᠢᠭ ᠪᠦᠲᠦᠭᠡᠭᠳᠡᠬᠦᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 84.2% ᠢᠶᠠᠷ ᠨᠡᠮᠡᠭᠳᠡᠪᠡ᠂ ᠰᠢᠲᠠᠮᠠᠬᠠᠶ ᠬᠡᠶ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 51.8% ᠪᠠᠷ ᠨᠡᠮᠡᠭᠳᠡᠪᠡ᠃       ᠭᠤᠣᠯ ᠦᠢᠯᠡᠳᠬᠦᠨ ᠤ ᠭᠠᠷᠣᠯᠲᠠ ᠨᠡᠮᠡᠭᠳᠡᠯ ᠪᠠᠭᠤᠷᠠᠯᠲᠠ ᠲᠠᠢ᠃ 1 - 3 ᠰᠠᠷ᠎ᠠ ᠳᠠᠬᠢ᠂ ᠮᠠᠨ ᠤ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠬᠤᠯᠪᠣᠭᠳᠠᠭᠰᠠᠨ 21 ᠵᠦᠢᠯ ᠤᠨ ᠦᠢᠯᠡᠳᠬᠦᠨ ᠤ ᠭᠠᠷᠤᠯᠲᠠ ᠳᠤᠮᠳᠠ 9 ᠵᠦᠢᠯ ᠨᠢ ᠨᠡᠮᠡᠭᠳᠡᠯ ᠲᠠᠢ᠂ ᠡᠭᠦᠨ ᠳᠤ ᠨᠡᠮᠡᠭᠳᠡᠯ ᠤᠨ ᠬᠤᠷᠳᠤᠴᠠ ᠨᠢ ᠨᠡᠯᠢᠶᠡᠳ ᠥᠨᠳᠥᠷ ᠦᠢᠯᠡᠳᠬᠦᠨ ᠨᠢ ᠭᠤᠤᠯᠳᠠᠭᠤ᠄ ᠭᠤᠸᠠᠨᠲ᠋ᠧᠦ 35.1%᠂ ᠪᠣᠯᠣᠳ ᠮᠠᠲ᠋ᠧᠷᠢᠶᠠᠯ 20.5%᠂ ᠬᠢᠲᠠᠳ ᠪᠡᠯᠡᠨ ᠡᠮ 13.9%᠂ ᠪᠦᠳᠦᠭᠦᠯᠢᠭ ᠪᠣᠯᠣᠳ 13.8%᠂ ᠲᠤᠲᠤᠷᠭ᠎ᠠ 11% ᠪᠠᠷ ᠨᠡᠮᠡᠭᠳᠡᠪᠡ᠃ 11 ᠵᠦᠢᠯ ᠦᠢᠯᠡᠳᠬᠦᠨ ᠤ ᠭᠠᠷᠤᠯᠲᠠ ᠨᠢ ᠪᠠᠭᠤᠷᠠᠪᠠ᠂ ᠡᠭᠦᠨ ᠳᠤ ᠢᠯᠡᠷᠬᠡᠢ ᠪᠠᠭᠤᠷᠠᠭᠰᠠᠨ ᠵᠦᠢᠯ ᠭᠡᠪᠡᠯ᠄ ᠤᠮᠳᠠᠭᠠᠨ 36.5%᠂ ᠫᠢᠸᠤ᠋ 37.9%᠂ ᠴᠠᠭᠠᠨ ᠢᠳᠡᠭᠡ 22.7%᠂ ᠪᠣᠷᠳᠤᠭ᠎ᠠ 22.8%᠂ ᠱᠦᠢᠨᠢ 20.9% ᠪᠠᠷ ᠪᠠᠭᠤᠷᠠᠪᠠ᠃       ᠠᠵᠤ ᠠᠬᠤᠶᠢᠯᠠᠯ ᠤᠨ ᠠᠵᠤ ᠠᠬᠤᠶ ᠶᠢᠨ ᠦᠷ᠎ᠡ ᠠᠰᠢᠭ ᠦᠷᠭᠦᠯᠵᠢᠯᠡᠨ ᠪᠠᠭᠤᠷᠠᠪᠠ᠃ 1 - 3 ᠰᠠᠷ᠎ᠠ  ᠳᠠᠬᠢ᠂ ᠮᠠᠨ ᠤ ᠬᠤᠳᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ ᠪᠠᠨ 591971.8 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 3.6% ᠪᠠᠷ ᠪᠠᠭᠤᠷᠠᠪᠠ᠃ ᠡᠵᠡᠩᠨᠡᠯᠲᠡ ᠶᠢᠨ ᠥᠪᠡᠷ ᠤᠨ ᠦᠷᠳᠡᠭ 416514.1 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ᠃ ᠪᠡᠶᠡᠯᠡᠭᠦᠯᠦᠭᠰᠡᠨ ᠠᠰᠢᠭ ᠬᠤᠨᠵᠢᠪᠣᠷᠢ ᠶᠢᠨ ᠪᠦᠬᠦ ᠲᠤᠭ᠎ᠠ 21729.7 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 26.7% ᠪᠠᠷ ᠪᠠᠭᠤᠷᠠᠪᠠ᠃ ᠪᠡᠶᠡᠯᠡᠭᠦᠯᠦᠭᠰᠡᠨ ᠭᠠᠶᠢᠯᠢ ᠶᠢᠨ ᠮᠥᠩᠭᠦ 146166.9 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.5% ᠪᠠᠷ ᠪᠠᠭᠤᠷᠠᠪᠠ᠃ ᠳᠥᠷᠪᠡᠨ ᠵᠦᠢᠯ ᠤᠨ ᠵᠠᠷᠤᠳᠠᠯ 36773.5 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 16.3% ᠪᠠᠷ ᠪᠠᠭᠤᠷᠠᠪᠠ᠃
 
ᠢᠷᠡᠯᠲᠡ᠄ ᠤᠯᠠᠭᠠᠨᠬᠤᠲᠠ ᠶᠢᠨ ᠲᠤᠭ᠎ᠠ ᠪᠦᠷᠢᠳᠭᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号