| ᠬᠤᠭᠤᠯᠠ ᠬᠦᠷᠭᠡᠭᠴᠢ ᠶᠢᠨ ᠠᠵᠢᠯ ᠲᠦᠷᠦᠯ ᠤᠨ ᠬᠦᠮᠦᠰ ᠤᠨ ᠵᠠᠮ ᠬᠠᠷᠢᠯᠴᠠᠭᠠᠨ ᠤ ᠠᠮᠦᠷ ᠲᠦᠪᠰᠢᠨ ᠤ | ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠤᠬᠠᠮᠰᠠᠷ ᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂ ᠬᠤᠭᠤᠯᠠ | ᠬᠦᠷᠭᠡᠭᠴᠢ ᠶᠢᠨ ᠠᠵᠢᠯ ᠲᠦᠷᠦᠯ ᠤᠨ ᠵᠠᠮ ᠬᠠᠷᠢᠯᠴᠠᠭᠠᠨ ᠤ ᠠᠮᠦᠷ ᠲᠦᠪᠰᠢᠨ ᠤ ᠬᠢᠷᠢ ᠲᠦᠪᠰᠢᠨ ᠢ ᠤᠯᠠᠮ ᠨᠢᠬᠡ | ᠠᠯᠬᠤᠮ ᠲᠡᠭᠡᠭᠰᠢᠯᠡᠬᠦᠯᠵᠦ᠂ ᠵᠠᠮ ᠬᠠᠷᠢᠯᠴᠠᠭᠠᠨ ᠤ ᠠᠶᠤᠯ ᠭᠠᠷᠬᠤ ᠶᠢ ᠡᠬᠢ ᠰᠤᠷᠪᠤᠯᠵᠢ ᠠᠴᠠ ᠨᠢ ᠰᠡᠷᠬᠡᠶᠢᠯᠡᠬᠦ ᠶᠢᠨ | ᠲᠦᠯᠦᠬᠡ᠂ ᠤᠶᠢᠷ᠎ᠠ ᠳᠤ ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ | ᠬᠠᠮᠢᠶᠠᠷᠦᠯᠳᠠ ᠶᠢᠨ ᠶᠡᠭᠡ ᠠᠩᠬᠢ ᠶᠢᠨ ᠲᠢᠶᠧ ᠴᠢ ᠲᠤᠮᠳᠠ ᠠᠩᠬᠢ ᠶᠢᠨ ᠬᠢᠨ ᠮᠸᠢ ᠲᠤᠸᠠᠨ ᠬᠤᠭᠤᠯᠠ | ᠬᠦᠷᠭᠡᠭᠴᠢ ᠶᠢᠨ ᠦᠢᠯᠡᠴᠢᠯᠡᠬᠡᠨ ᠤ ᠺᠤᠮᠫᠠᠨᠢ ᠳᠤ ᠬᠦᠷᠴᠦ᠂ ᠵᠠᠮ ᠬᠠᠷᠢᠯᠴᠠᠭᠠᠨ ᠤ ᠠᠮᠦᠷ ᠲᠦᠪᠰᠢᠨ ᠤ | ᠤᠬᠠᠭᠤᠯᠭ᠎ᠠ ᠶᠢᠨ ᠠᠵᠢᠯᠯᠠᠭ᠎ᠠ ᠦᠷᠨᠢᠬᠦᠯᠵᠡᠢ᠃ | ᠠᠵᠢᠯᠯᠠᠭ᠎ᠠ ᠳᠤ᠂ ᠲᠢᠶᠧ ᠴᠢ ᠲᠤᠮᠳᠠ ᠠᠩᠬᠢ ᠶᠢᠨ ᠵᠠᠮ ᠬᠠᠷᠢᠯᠴᠠᠭᠠᠨ ᠤ ᠴᠠᠬᠳᠠᠭ᠎ᠠ ᠨᠠᠷ ᠬᠤᠭᠤᠯᠠ | ᠬᠦᠷᠭᠡᠭᠴᠢ ᠶᠢᠨ ᠠᠵᠢᠯ ᠲᠦᠷᠦᠯ ᠤᠨ ᠤᠨᠴᠠᠯᠢᠭ ᠲᠠᠢ ᠤᠶᠠᠯᠳᠤᠭᠤᠯᠤᠨ᠂ ᠬᠤᠭᠤᠯᠠ ᠬᠦᠷᠭᠡᠭᠴᠢ ᠶᠢᠨ ᠬᠤᠭᠤᠯᠠ | ᠬᠦᠷᠭᠡᠬᠦ ᠶᠠᠪᠤᠴᠠ ᠳᠤ ᠤᠯᠠᠭᠠᠨ ᠳ᠋ᠧᠩ ᠦᠡᠭᠬᠡᠷᠡᠬᠦ᠂ ᠰᠦᠷᠭᠡᠦ ᠶᠠᠪᠤᠬᠤ᠂ ᠲᠤᠷᠠᠪᠡᠷ ᠵᠠᠮ ᠢᠶᠠᠨ ᠬᠤᠪᠢᠷᠠᠭᠠᠬᠤ ᠵᠡᠷᠭᠡ | ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠭᠯᠡᠬᠦᠯᠦᠨ᠂ ᠬᠠᠤᠯᠢ ᠠᠴᠠ | ᠵᠦᠷᠢᠴᠡᠭᠰᠡᠨ ᠦᠢᠯᠡ ᠠᠵᠢᠯᠯᠠᠭ᠎ᠠ ᠶᠢᠨ ᠬᠤᠤᠷ ᠬᠦᠨᠦᠬᠡᠯ ᠢ ᠨᠠᠷᠢᠯᠢᠭ ᠲᠠᠶᠢᠯᠪᠦᠷᠢᠯᠡᠵᠦ ᠦᠭᠴᠡᠢ᠃ ᠡᠬᠦᠨ ᠠᠴᠠ | ᠭᠠᠳᠠᠨ᠎ᠠ᠂ ᠵᠠᠮ ᠬᠠᠷᠢᠯᠴᠠᠭᠠᠨ ᠤ ᠴᠠᠬᠳᠠᠭ᠎ᠠ ᠨᠠᠷ ᠬᠤᠭᠤᠯᠠ ᠬᠦᠷᠭᠡᠭᠴᠢ ᠨᠠᠷ ᠲᠤ ᠴᠠᠬᠢᠯᠭᠠᠨ ᠬᠦᠳᠡᠯᠬᠡᠬᠦᠷᠳᠤ | ᠮᠠᠰᠢᠨ ᠤ ᠠᠮᠦᠷ ᠲᠦᠪᠰᠢᠨ ᠢᠶᠠᠷ ᠠᠶᠠᠯᠠᠬᠤ ᠭᠠᠷ ᠲᠡᠪᠳᠡᠷ ᠲᠠᠷᠬᠠᠭᠠᠬᠰᠠᠨ ᠪᠦᠭᠡᠳ ᠲᠤᠬᠠᠢ ᠶᠢᠨ ᠲᠠᠯᠠᠪᠦᠷ ᠲᠤ | ᠠᠮᠦᠷ ᠲᠦᠪᠰᠢᠨ ᠤ ᠲᠤᠭᠤᠯᠠᠭ᠎ᠠ ᠶᠢ ᠵᠦᠪ ᠡᠮᠦᠰᠬᠦ ᠶᠢ ᠵᠢᠭᠠᠵᠦ ᠦᠭᠴᠡᠢ᠃ | ᠲᠤᠰ ᠤᠳᠠᠭᠠᠨ ᠤ ᠠᠵᠢᠯᠯᠠᠭ᠎ᠠ ᠨᠢ ᠬᠤᠭᠤᠯᠠ ᠬᠦᠷᠭᠡᠭᠴᠢ ᠶᠢᠨ ᠵᠠᠮ ᠬᠠᠷᠢᠯᠴᠠᠭᠠᠨ ᠤ ᠠᠮᠦᠷ ᠲᠦᠪᠰᠢᠨ ᠤ | ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠤᠬᠠᠮᠰᠠᠷ ᠢ ᠪᠦᠳᠦᠮᠵᠢᠳᠡᠢ ᠲᠡᠭᠡᠭᠰᠢᠯᠡᠬᠦᠯᠵᠠᠢ᠃ ᠲᠠᠷᠠᠭᠠᠴᠢ ᠪᠠᠷ᠂ | ᠤᠯᠠᠭᠠᠨᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠶᠡᠭᠡ | ᠠᠩᠬᠢ ᠶᠢᠨ ᠴᠠᠬᠳᠠᠭ᠎ᠠ ᠨᠡᠷ ᠡᠯ᠎ᠡ ᠠᠵᠢᠯ ᠲᠦᠷᠦᠯ ᠤᠨ ᠲᠠᠯᠠᠪᠦᠷ ᠭᠠᠵᠠᠷ ᠢᠶᠠᠷ ᠦᠷᠬᠦᠯᠵᠢᠯᠡᠨ ᠬᠦᠨᠵᠡᠬᠡᠶᠢᠷᠡᠵᠤ᠂ | ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠭᠤᠯᠭ᠎ᠠ ᠪᠠ ᠰᠡᠩᠬᠡᠷᠡᠬᠦᠯᠦᠯ ᠤᠨ ᠬᠦᠮᠦᠵᠢᠯ ᠦᠷᠨᠢᠬᠦᠯᠬᠦ ᠪᠠᠨ | ᠴᠢᠩᠭᠠᠳᠬᠠᠵᠦ᠂ ᠤᠯᠠᠨ ᠲᠦᠮᠡᠨ ᠤ ᠵᠠᠮ ᠬᠠᠷᠢᠯᠴᠠᠭᠠᠨ ᠤ ᠠᠮᠦᠷ ᠲᠦᠪᠰᠢᠨ ᠤ ᠤᠬᠠᠮᠰᠠᠷ ᠪᠠ ᠪᠤᠯᠪᠠᠰᠦᠨ ᠤ | ᠬᠡᠮᠵᠢᠶ᠎ᠡ ᠶᠢ ᠲᠡᠭᠡᠭᠰᠢᠯᠡᠬᠦᠯᠵᠦ᠂ ᠠᠮᠦᠷ ᠲᠦᠪᠰᠢᠨ᠂ ᠰᠠᠭᠠᠳ ᠦᠬᠡᠢ᠂ ᠡᠮᠬᠢ ᠵᠢᠷᠦᠮ ᠲᠠᠢ ᠵᠠᠮ ᠬᠠᠷᠢᠯᠴᠠᠭᠠᠨ ᠤ | ᠤᠷᠴᠢᠨ ᠢ ᠬᠠᠮᠳᠤᠪᠡᠷ ᠪᠦᠷᠢᠯᠳᠦᠬᠦᠯᠬᠦ ᠪᠤᠯᠤᠨ᠎ᠠ᠃ ︵ᠰᠡᠷᠬᠦᠯᠡᠩ︶ | | | | | | | |