| ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ︽ᠨᠠᠰᠦᠵᠢᠯ ᠤᠨ ᠠᠰᠠᠷᠠᠮᠵᠢ ᠶᠢᠨ ᠬᠠᠮᠳᠤ ᠶᠢᠨ | ᠴᠤᠬᠴᠠ︾ ᠶᠢᠨ ᠪᠠᠶᠢᠭᠤᠯᠤᠯᠳᠠ ᠪᠠᠷ ᠭᠠᠷᠳᠠᠴᠠ ᠪᠤᠯᠭᠠᠵᠦ᠂ ︽ᠵᠠᠰᠠᠭ ᠤᠨ ᠤᠷᠳᠤᠨ ᠢᠶᠠᠷ ᠤᠳᠤᠷᠢᠳᠤᠮᠵᠢ | ᠪᠤᠯᠭᠠᠬᠤ᠂ ᠡᠬᠢ ᠪᠠᠶᠠᠯᠢᠭ ᠢ ᠨᠡᠶᠢᠳᠬᠡᠬᠦ᠂ ᠤᠯᠠᠨ ᠡᠰᠢᠵᠢᠭᠰᠡᠨ︾ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠭᠡ ᠶᠢᠨ ᠰᠢᠨ᠎ᠠ ᠵᠠᠬᠪᠦᠷ ᠢ ᠢᠳᠡᠪᠬᠢᠳᠡᠢ ᠡᠷᠢᠯᠬᠢᠯᠡᠵᠦ᠂ ᠰᠢᠨ᠎ᠠ ᠴᠠᠭ ᠦᠶ᠎ᠡ ᠶᠢᠨ ᠨᠠᠰᠦᠵᠢᠯ ᠤᠨ | ᠠᠰᠠᠷᠠᠮᠵᠢ ᠶᠢᠨ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠬᠦᠳᠡᠯᠭᠡᠭᠴᠢ ᠬᠦᠴᠦᠨ ᠤᠯᠭᠤᠵᠠᠢ᠃ | ᠹᠠᠨ ᠵᠦᠩ ᠶᠠᠨ ᠪᠤᠯ ᠤᠯᠠᠭᠠᠨᠬᠤᠳᠠ ᠶᠢᠨ ᠶᠡᠷᠦᠩᠭᠡᠶᠢᠯᠡᠭᠰᠡᠨ ᠨᠠᠰᠦᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠲᠦᠪ ᠤᠨ ᠬᠠᠪᠢ ᠪᠠᠷ ᠰᠠᠭᠤᠵᠦ ᠪᠠᠶᠢᠭ᠎ᠠ ᠨᠠᠰᠤᠳᠠᠳ ᠤᠨ ᠨᠢᠬᠡ ᠨᠢ ᠪᠤᠯᠤᠨ᠎ᠠ᠃ ᠳᠡᠷᠡ᠄ ︽ᠪᠢ | ᠡᠨᠡ ᠤᠶᠢᠷᠠᠯᠴᠠᠭ᠎ᠠ ᠰᠠᠭᠤᠵᠦ ᠪᠠᠶᠢᠳᠠᠭ᠃ ᠠᠵᠢᠯ ᠠᠴᠠ ᠪᠠᠨ ᠠᠮᠠᠷᠠᠬᠰᠠᠨ ᠤ ᠲᠠᠷᠠᠭ᠎ᠠ ᠦᠷᠬᠦᠯᠵᠢ ᠡ᠊ᠨᠳᠡ ᠢᠷᠡᠵᠦ | ᠫᠢᠡᠭᠫᠤᠩ ᠪᠦᠮᠪᠦᠭᠡ᠂ ᠰᠢᠳᠠᠷ᠎ᠠ ᠨᠠᠭᠠᠳᠤᠳᠠᠭ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃ | ᠤᠯᠠᠭᠠᠨᠬᠤᠳᠠ ᠶᠢᠨ ᠶᠡᠷᠦᠩᠭᠡᠶᠢᠯᠡᠭᠰᠡᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠲᠤ | ᠰᠠᠷᠠᠭᠤᠯ ᠲᠤᠬᠢᠯᠢᠭ ᠬᠦᠳᠡᠯᠬᠡᠬᠡᠨ ᠤ ᠦᠷᠦᠬᠡ ᠲᠠᠢ ᠪᠦᠭᠡᠳ ᠪᠦᠷᠢᠨ ᠴᠢᠳᠠᠪᠬᠢᠳᠤ ᠡᠷᠡᠬᠦᠯᠵᠢᠯ ᠰᠤᠪᠢᠯᠠᠯᠳᠠ ᠶᠢᠨ | ᠦᠷᠦᠬᠡ ᠲᠠᠢ ᠪᠠᠶᠢᠳᠠᠭ᠃ ᠡ᠊ᠨᠳᠡ ᠨᠠᠰᠦᠳᠠᠶᠢᠴᠤᠳ ᠬᠡᠳᠦᠬᠦᠯᠡ ᠪᠠᠨ ᠵᠤᠭᠤᠬᠳᠠᠵᠦ᠂ ᠡᠮᠴᠢᠯᠡᠬᠡᠨ ᠤ ᠠᠵᠢᠯᠳᠠᠳ ᠤᠨ | ᠵᠢᠯᠤᠭᠤᠳᠤᠯᠭ᠎ᠠ ᠪᠠᠷ ᠡᠷᠡᠬᠦᠯᠵᠢᠯ ᠤᠨ ᠪᠤᠯᠪᠠᠰᠦᠷᠠᠯ ᠬᠢᠬᠦ ᠪᠤᠶᠤ ᠫᠢᠡᠭᠫᠤᠩ ᠪᠦᠮᠪᠦᠭᠡ ᠨᠠᠭᠠᠳᠬᠤ᠂ ᠰᠢᠳᠡᠷ᠎ᠠ | ᠲᠤᠬᠯᠠᠵᠦ ᠪᠠᠶᠠᠷ ᠪᠠᠶᠠᠰᠦᠯᠳᠠᠢ ᠦᠡᠭᠭᠡᠷᠡᠬᠦᠯᠵᠦ ᠪᠠᠶᠢᠳᠠᠭ᠃ ᠲᠤᠰ ᠶᠠᠷᠦᠩᠬᠡᠶᠢᠯᠡᠭᠰᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠬᠡᠨ ᠤ ᠲᠦᠪ ᠨᠢ 2023 ᠤᠨ ᠤ 12 ᠰᠠᠷ᠎ᠠ ᠳᠤ ᠪᠠᠶᠢᠭᠤᠯᠤᠬᠳᠠᠵᠦ᠂ ᠪᠠᠷᠢᠯᠭ᠎ᠠ ᠶᠢᠨ ᠲᠠᠯᠠᠪᠠᠢ ᠨᠢ | 5000 ᠲᠡᠭᠰᠢ ᠲᠦᠷᠪᠡᠯᠵᠢᠨ ᠮᠧᠲᠷ ᠪᠠᠶᠢᠵᠦ᠂ ᠲᠤᠳᠤᠷ᠎ᠠ ᠨᠢ ᠨᠠᠰᠤᠳᠠᠶᠢᠴᠤᠳ ᠢ ᠲᠤᠰᠠᠯᠠᠬᠤ ᠬᠤᠭᠤᠯᠠᠨ ᠲᠠᠩᠬᠢᠮ | ᠂ ᠰᠡᠯᠡᠬᠦᠴᠡᠯ ᠤᠨ ᠭᠠᠵᠠᠷ᠂ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠭᠠᠵᠠᠷ ᠵᠡᠷᠭᠡ ᠤᠯᠠᠨ ᠴᠢᠳᠠᠪᠬᠢᠳᠤ | ᠭᠠᠵᠠᠷ ᠪᠠᠶᠢᠳᠠᠭ᠃ ᠤᠳᠤ ᠪᠦᠬᠦ ᠬᠤᠳᠠ ᠶᠢᠨ ᠬᠠᠮᠤᠭ ᠲᠤᠮᠤ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ | ᠲᠦᠪ ᠪᠤᠯᠤᠬᠰᠠᠨ ᠤ ᠬᠤᠪᠢ ᠳᠤ᠂ ᠲᠤᠰ ᠦᠢᠯᠡᠴᠢᠯᠡᠬᠡᠨ ᠤ ᠲᠦᠪ ᠨᠢ ᠤᠯᠠᠭᠠᠨᠬᠤᠳᠠ ᠶᠢᠨ ︽ᠨᠠᠰᠦᠵᠢᠯ ᠤᠨ | ᠠᠰᠠᠷᠠᠮᠵᠢ ᠶᠢᠨ ᠬᠠᠮᠳᠤ ᠶᠢᠨ ᠴᠤᠬᠴᠠ︾ ᠶᠢᠨ ᠦᠢᠯᠡᠴᠢᠯᠡᠬᠡᠨ ᠤ ᠵᠠᠬᠪᠦᠷ ᠢ ᠡᠷᠢᠯᠬᠢᠯᠡᠭᠰᠡᠨ ᠬᠦᠨᠵᠡᠬᠡᠢ ᠦᠢᠯᠡᠳᠦᠯᠬᠡ | ᠪᠤᠯᠵᠦ᠂ ᠵᠠᠰᠠᠭ ᠤᠨ ᠤᠷᠳᠤᠨ ᠦᠢᠯᠡᠴᠢᠯᠡᠬᠡᠨ ᠤ ᠲᠡᠪᠴᠡᠩ ᠪᠠᠶᠢᠭᠤᠯᠬᠤ᠂ ᠡᠬᠢ ᠪᠠᠶᠠᠯᠢᠭ ᠢ ᠨᠡᠶᠢᠳᠬᠡᠬᠦ ᠠᠷᠭ᠎ᠠ ᠪᠠᠷ | ᠲᠠᠮᠵᠢᠭᠤᠯᠤᠨ᠂ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠢᠬᠡ ᠴᠤᠬᠴᠠᠵᠢᠭᠤᠯᠬᠤ ᠶᠢ | ᠪᠠᠶᠡᠯᠡᠬᠦᠯᠦᠭᠰᠡᠨ ᠢᠶᠠᠷ ᠪᠠᠷᠠᠬᠤ ᠦᠬᠡᠢ ᠪᠠᠰᠠ ᠨᠠᠰᠦᠳᠠᠶᠢᠴᠤᠳ ᠲᠤ ᠪᠦᠷᠢᠨ ᠴᠢᠳᠠᠪᠬᠢᠳᠤ᠂ ᠲᠤᠳᠤᠨᠤᠰᠤᠭ | ᠦᠢᠯᠡᠴᠢᠯᠡᠭᠡ ᠲᠠᠢ ᠬᠠᠯᠠᠭᠤᠨ ᠲᠤᠯᠠᠭᠠᠨ ᠬᠡᠷ ᠤᠷᠤᠨ ᠢ ᠪᠤᠢ ᠪᠤᠯᠭᠠᠵᠦ ᠦᠭᠴᠡᠢ᠃ | ᠤᠯᠠᠭᠠᠨᠬᠤᠳᠠ ᠶᠢᠨ ᠶᠡᠷᠦᠩᠭᠡᠶᠢᠯᠡᠭᠰᠡᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠦᠪ ᠤᠨ | ᠲᠠᠷᠤᠭ᠎ᠠ ᠯᠢᠦ ᠵᠦᠩ ᠯᠢ᠄ ︽ᠪᠢᠳᠡ ᠨᠠᠰᠦᠳᠠᠶᠢᠴᠤᠳ ᠤᠨ ᠰᠤᠶᠤᠯ ᠪᠡᠶ᠎ᠡ ᠲᠠᠮᠢᠷ᠂ ᠵᠤᠭ᠎ᠠ ᠴᠡᠩᠬᠡᠯ᠂ ᠪᠡᠶ᠎ᠡ | ᠰᠡᠳᠬᠢᠯ ᠤᠨ ᠡᠷᠡᠬᠦᠯᠵᠢᠯ ᠵᠡᠷᠭᠡ ᠤᠯᠠᠨ ᠲᠠᠯ᠎ᠠ ᠶᠢᠨ ᠱᠠᠭᠠᠷᠳᠠᠯᠭ᠎ᠠ ᠶᠢ ᠬᠠᠨᠭ᠍ᠭᠠᠬᠤ ᠪᠠᠷ ᠴᠢᠷᠮᠠᠶᠢᠵᠦ ᠪᠤᠢ᠃ ᠡᠬᠦᠨ ᠤ | ᠬᠠᠮᠳᠤ ᠪᠠᠰᠠ ᠬᠦᠳᠡᠯᠵᠦ ᠪᠠᠷᠢᠬᠤ ᠳᠤ ᠲᠦᠬᠦᠮ ᠦᠬᠡᠢ ᠨᠠᠰᠦᠳᠠᠶᠢᠴᠤᠳ ᠲᠤ ᠦᠪᠡᠷᠮᠢᠴᠢᠯᠡᠭᠰᠡᠨ ᠦᠢᠯᠡᠴᠢᠯᠡᠭᠡ | ᠬᠠᠨᠭ᠍ᠭᠠᠵᠦ᠂ ᠨᠠᠰᠦᠳᠠᠶᠢᠴᠤᠳ ᠤᠨ ᠬᠦᠴᠢᠷᠳᠡᠯ ᠢ ᠦᠨᠡᠨ ᠬᠦ ᠰᠶᠢᠳᠪᠦᠷᠢᠯᠡᠬᠦ ᠪᠠᠷ ᠴᠢᠷᠮᠠᠶᠢᠵᠦ ᠪᠤᠢ︾ ᠬᠡᠵᠦ ᠶᠠᠷᠢᠵᠦ | ᠪᠠᠶᠢᠯ᠎ᠠ᠃ | ᠡᠳᠦᠷ ᠪᠦᠷᠢ ᠶᠢᠨ ᠦᠳᠡ ᠶᠢᠨ 11 ᠴᠠᠭ ᠲᠤ᠂ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ | ᠲᠤᠭᠤᠷᠢᠭ ᠤᠨ ᠵᠤᠯ ᠵᠢᠷᠭᠠᠯᠳᠤ ᠬᠤᠭᠤᠯᠠᠨ ᠲᠢᠩᠬᠢᠮ ᠴᠠᠭ ᠲᠠᠭᠠᠨ ᠡᠬᠦᠳᠡ ᠪᠠᠨ ᠨᠡᠬᠡᠬᠡᠬᠦ ᠳᠤ ᠨᠠᠰᠦᠳᠠᠶᠢᠴᠤᠳ | ᠬᠡᠳᠦᠬᠦᠯᠡ ᠪᠠᠨ ᠢᠷᠡᠵᠦ᠂ ᠠᠮᠳᠠ ᠰᠠᠶᠢᠳᠠᠢ ᠬᠤᠭᠤᠯᠠ ᠵᠠᠭᠤᠰᠢ ᠢᠳᠡᠵᠦ᠂ ᠪᠠᠶᠠᠷ ᠬᠦᠷ ᠢᠶᠠᠷ ᠪᠢᠯᠬᠠᠵᠦ ᠪᠠᠶᠢᠳᠠᠭ᠃ | | ᠯᠢ ᠶᠦᠨ ᠴᠧᠩ ᠪᠤᠯ ᠤᠯᠠᠭᠠᠨᠬᠤᠳᠠ ᠶᠢᠨ ᠲᠡᠬᠦᠯᠢᠨ ᠵᠡᠬᠡᠯᠢ ᠶᠢᠨ ᠰᠠᠶᠢᠬᠠᠨ ᠨᠡᠶᠢᠬᠡᠮ ᠲᠤᠭᠤᠷᠢᠭ ᠤᠨ | ᠡᠬᠡᠯ ᠵᠢᠷ ᠤᠨ ᠰᠠᠭᠤᠭᠠᠯᠢ ᠠᠷᠠᠤᠨ ᠪᠤᠯᠤᠨ᠎ᠠ᠃ ᠲᠡᠷᠡ᠄ ︽ᠨᠡᠶᠢᠬᠡᠮ ᠲᠤᠭᠤᠷᠢᠭ ᠤᠨ ᠬᠤᠭᠤᠯᠠᠨ ᠲᠠᠩᠬᠢᠮ | ᠪᠠᠶᠢᠭᠤᠯᠤᠭᠳᠠᠭᠰᠠᠨ ᠠᠴᠠ ᠨᠠᠭᠠᠰᠢ᠂ ᠪᠢᠳᠡ ᠰᠢᠭ ᠨᠠᠰᠦᠳᠠᠶᠢᠴᠤᠳ ᠲᠤ ᠲᠤᠩ ᠲᠦᠬᠦᠮ ᠦᠵᠡᠬᠦᠯᠭᠦ ᠪᠤᠯᠪᠠ᠃ | ᠡ᠊ᠨᠳᠡᠬᠢ ᠬᠤᠭᠤᠯᠠ ᠵᠠᠭᠤᠰᠢ ᠨᠢ ᠠᠮᠳᠠᠳᠠᠢ᠂ ᠤᠳᠠᠰᠦᠳᠠᠪᠠᠯ ᠪᠠᠰᠠ ᠬᠡᠷ ᠲᠤ ᠬᠦᠷᠬᠡᠵᠦ ᠦᠭᠬᠦᠨ᠎ᠡ︾ ᠬᠡᠵᠦ | ᠪᠠᠶᠠᠷᠳᠠᠶᠢᠬᠠᠨ ᠶᠠᠷᠢᠵᠦ ᠪᠠᠶᠢᠯ᠎ᠠ᠃ | ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠲᠢᠩᠬᠢᠮ ᠢ ᠰᠠᠶᠢᠳᠦᠷ ᠡᠵᠡᠩᠨᠡᠵᠦ ᠪᠠᠶᠢᠭ᠎ᠠ ᠪᠤᠯ | ᠤᠯᠠᠭᠠᠨᠬᠤᠳᠠ ᠶᠢᠨ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠤ ︽ᠨᠠᠰᠦᠵᠢᠯ ᠤᠨ ᠠᠰᠠᠷᠠᠮᠵᠢ ᠶᠢᠨ ᠬᠠᠮᠳᠤ ᠶᠢᠨ | ᠴᠤᠬᠴᠠ︾ ᠶᠢᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠬᠰᠠᠨ ᠠᠮᠢᠳᠤᠯᠢᠭ ᠵᠢᠱᠢᠶ᠎ᠠ ᠪᠤᠯᠤᠨ᠎ᠠ᠃ | ᠤᠶᠢᠷ᠎ᠠ ᠶᠢᠨ ᠬᠡᠳᠦᠨ ᠵᠢᠯ ᠠᠴᠠ ᠨᠠᠭᠠᠰᠢ᠂ ᠤᠯᠠᠭᠠᠨᠬᠤᠳᠠ ᠪᠤᠳᠠᠳᠠᠢ ᠪᠠᠶᠢᠳᠠᠯ ᠢᠶᠠᠨ ᠦᠨᠳᠦᠰᠦᠯᠡᠨ᠂ | ᠨᠠᠰᠦᠳᠠᠶᠢᠴᠤᠳ ᠡᠬᠦᠷᠭᠡᠯᠡᠵᠦ ᠲᠡᠶᠢᠯᠬᠦ᠂ ᠵᠠᠬ᠎ᠠ ᠲᠡᠯᠬᠡᠬᠦᠷ ᠤᠨ ᠭᠤᠤᠯ ᠴᠤᠬᠴᠠ ᠲᠠᠭᠠᠭᠠᠵᠦ ᠲᠡᠶᠢᠯᠬᠦ᠂ | ᠦᠷᠬᠦᠯᠵᠢᠯᠡᠬᠦ ᠬᠦᠭᠵᠢᠯᠳᠡ ᠲᠠᠢ ᠨᠠᠰᠦᠳᠠᠶᠢᠴᠤᠳ ᠲᠤ ᠲᠤᠰᠠᠯᠠᠬᠤ ᠬᠤᠭᠤᠯᠠ ᠪᠤᠳᠠᠭ᠎ᠠ ᠶᠢᠨ ᠦᠢᠯᠡᠴᠢᠯᠡᠭᠡ ᠶᠢᠨ | ᠵᠠᠬᠪᠦᠷ ᠢ ᠢᠳᠡᠪᠬᠢᠳᠡᠢ ᠡᠷᠢᠯᠬᠢᠯᠡᠵᠡᠢ᠃ ᠤᠳᠤ᠂ ᠪᠦᠬᠦ ᠬᠤᠳᠠ ᠶᠢᠨ 11 ᠨᠡᠶᠢᠬᠡᠮ ᠲᠤᠭᠤᠷᠢᠭ ᠨᠢ ᠲᠤᠰ ᠪᠦᠷᠢ 1 | ᠵᠤᠯ ᠵᠢᠷᠭᠠᠯᠳᠤ ᠬᠤᠭᠤᠯᠠᠨ ᠲᠠᠩᠬᠢᠮ ᠢ ᠵᠢᠩᠬᠢᠨᠢ ᠪᠠᠷ ᠡᠷᠬᠢᠯᠡᠵᠦ᠂ ᠨᠡᠶᠢᠳᠡ 19 ᠲᠦᠮᠡᠨ ᠬᠦᠮᠦᠨ ᠳᠤ | ᠦᠢᠯᠡᠴᠢᠯᠡᠵᠦ ᠪᠤᠢ᠃ ᠡᠬᠦᠨ ᠤ ᠬᠠᠮᠳᠤ᠂ ᠨᠡᠶᠢᠬᠡᠮ ᠤᠨ ᠬᠠᠶᠢᠷ᠎ᠠ ᠬᠠᠯᠠᠮᠵᠢᠳᠤ ᠬᠦᠮᠦᠰ᠂ ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠬᠢᠨ ᠢ ᠨᠡᠶᠢᠬᠡᠮ ᠲᠤᠭᠤᠷᠢᠭ ᠤᠨ ᠵᠤᠯ ᠵᠢᠷᠭᠠᠯᠳᠤ ᠬᠤᠭᠤᠯᠠᠨ ᠲᠢᠩᠬᠢᠮ ᠤᠨ ᠪᠦᠳᠦᠬᠡᠨ | ᠪᠠᠶᠢᠭᠤᠯᠤᠯᠳᠠ ᠳᠤ ᠤᠷᠤᠯᠴᠠᠬᠤ ᠶᠢ ᠵᠤᠷᠢᠬᠵᠢᠭᠤᠯᠵᠦ᠂ ᠬᠤᠳᠠᠯᠳᠤᠨ ᠠᠪᠬᠤ ᠠᠷᠭ᠎ᠠ ᠵᠠᠮ ᠢ ᠰᠢᠯᠢᠳᠡᠭᠵᠢᠬᠦᠯᠬᠦ᠂ | ᠬᠤᠭᠤᠯᠠᠨ ᠲᠠᠩᠬᠢᠮ ᠳᠤ ᠲᠤᠰᠠᠯᠠᠮᠵᠢ ᠦᠵᠡᠬᠦᠯᠬᠦ ᠵᠡᠷᠭᠡ ᠠᠷᠭ᠎ᠠ ᠪᠠᠷ ᠨᠠᠰᠦᠳᠠᠶᠢᠴᠤᠳ ᠲᠤ ᠨᠡᠩ ᠬᠠᠯᠠᠭᠤᠮᠰᠤᠭ᠂ | ᠲᠦᠬᠦᠮ ᠬᠤᠭᠤᠯᠠᠯᠠᠬᠤ ᠦᠢᠯᠡᠴᠢᠯᠡᠭᠡ ᠬᠠᠨᠭ᠍ᠭᠠᠵᠦ ᠪᠠᠶᠢᠬᠤ ᠪᠦᠬᠡᠳ ᠪᠠᠰᠠ ︽ᠨᠠᠰᠦᠵᠢᠯ ᠤᠨ ᠠᠰᠠᠷᠠᠮᠵᠢ ᠶᠢᠨ | ᠬᠠᠮᠳᠤ ᠶᠢᠨ ᠴᠤᠬᠴᠠ︾ ᠶᠢᠨ ᠪᠠᠶᠢᠭᠤᠯᠤᠯᠳᠠ ᠳᠤ ᠰᠢᠨ᠎ᠠ ᠠᠮᠢᠵᠢᠷᠠᠯ ᠤᠨ ᠬᠦᠴᠦᠨ ᠤᠯᠭᠤᠵᠠᠢ᠃ | ︽ᠨᠠᠰᠦᠵᠢᠯ ᠤᠨ ᠠᠰᠠᠷᠠᠮᠵᠢ ᠶᠢᠨ ᠬᠠᠮᠳᠤ ᠶᠢᠨ ᠴᠤᠬᠴᠠ︾ ᠶᠢᠨ ᠪᠠᠶᠢᠭᠤᠯᠤᠯᠳᠠ ᠶᠢ ᠬᠦᠨᠵᠡᠬᠡᠢ | ᠠᠬᠢᠭᠤᠯᠬᠤ ᠶᠢ ᠲᠠᠭᠠᠯᠳᠤᠨ᠂ ᠤᠯᠠᠭᠠᠨᠬᠤᠳᠠ ᠶᠢᠨ ᠨᠠᠰᠦᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠰᠢᠰᠲ᠋ᠧᠮ ᠢ | ᠲᠠᠰᠦᠷᠠᠯᠳᠠ ᠦᠬᠡᠢ ᠲᠡᠬᠦᠯᠳᠡᠷᠵᠢᠬᠦᠯᠵᠤ᠂ ᠪᠦᠬᠦᠨ ᠢ ᠪᠦᠷᠬᠦᠬᠦ ᠶᠢ ᠦᠷᠬᠦᠯᠵᠢᠯᠡᠨ ᠠᠬᠢᠭᠤᠯᠵᠦ᠂ ᠨᠠᠰᠦᠵᠢᠯ ᠤᠨ | ᠠᠰᠠᠷᠠᠮᠵᠢ ᠶᠢᠨ ᠦᠢᠯᠡᠴᠢᠯᠡᠭᠡ ᠶᠢᠨ ᠴᠢᠨᠠᠷ ᠴᠢᠨᠰᠠᠭ᠎ᠠ ᠶᠢ ᠢᠯᠡᠷᠬᠡᠢ ᠲᠡᠭᠡᠭᠰᠢᠯᠡᠬᠦᠯᠵᠦ᠂ ᠤᠯᠠᠭᠠᠬᠤᠳᠠ ᠶᠢᠨ ᠴᠢᠨᠠᠷ | ᠰᠠᠶᠢᠳᠠᠢ ᠬᠦᠭᠵᠢᠯᠳᠡ ᠳᠤ ᠪᠠᠳᠦ ᠴᠢᠩᠭ᠎ᠠ ᠠᠷᠠᠳ ᠤᠨ ᠠᠮᠢᠳᠦᠷᠠᠯ ᠤᠨ ᠴᠢᠳᠠᠪᠬᠢ ᠤᠯᠭᠤᠵᠠᠢ᠃ ᠳ᠋ᠥᠩ ᠯᠢᠨ ᠴᠧᠨ | ᠭᠠᠩ ᠮᠡᠳᠡᠬᠡᠯᠡᠪᠡ | | | | | |