| ᠦᠪᠡᠷᠳᠡᠭᠡᠨ ᠵᠠᠰᠠᠬᠤ ᠤᠷᠤᠨ ᠤ ᠴᠡᠷᠢᠭ ᠤᠨ ᠠᠯᠪᠠ ᠠᠴᠠ ᠬᠠᠯᠠᠬᠳᠠᠬᠰᠠᠳ ᠤᠨ ᠶᠠᠪᠤᠳᠠᠯ ᠤᠨ ᠲᠢᠩᠬᠢᠮ ᠠᠴᠠ | ᠤᠶᠢᠯᠠᠭᠠᠬᠰᠠᠨ ᠢᠶᠠᠷ᠂ ᠲᠦᠷᠦᠬᠦᠭᠡᠨ᠂ ᠬᠢᠩᠭᠠᠨ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ | ᠲᠣᠪᠴᠢᠶ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠢᠩᠭᠠᠨ ᠤ ᠴᠡᠷᠢᠭ ᠤᠨ ᠬᠤᠪᠢᠶᠠᠷᠢ | ᠲᠣᠭᠤᠷᠢᠭ ᠤᠨ ᠤᠯᠤᠰ ᠲᠥᠷᠥ ᠶᠢᠨ ᠠᠵᠢᠯ ᠤᠨ ᠭᠠᠵᠠᠷ ᠠᠴᠠ ᠬᠠᠮᠲᠤᠷᠠᠨ ᠡᠷᠭᠢᠯᠡᠭᠰᠡᠨ ᠬᠢᠩᠭᠠᠨ ᠠᠶᠢᠮᠠᠭ ᠤᠨ | ᠦᠷᠡᠭᠳᠡᠭᠰᠡᠨ ᠪᠠᠭᠠᠲᠤᠷᠴᠤᠳ ᠤᠨ ᠦᠯᠢᠭᠡᠷ ᠤᠨ ᠤᠬᠠᠭᠤᠯᠤᠨ ᠲᠠᠶᠢᠯᠪᠤᠷᠢᠯᠠᠭᠴᠢ ᠶᠢᠨ ᠤᠷᠤᠯᠳᠤᠭᠠᠨ ᠤᠯᠠᠭᠠᠨᠬᠤᠳᠠ ᠳᠤ | ᠶᠠᠪᠤᠭᠳᠠᠪᠠ᠃ | ᠲᠣᠰ ᠤᠳᠠᠭᠠᠨ ᠤ ᠤᠷᠤᠯᠳᠤᠭᠠᠨ ᠳᠤ ᠪᠥᠬᠦ ᠠᠶᠢᠮᠠᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ | ᠶᠠᠪᠤᠳᠠᠯ ᠤᠨ ᠰᠢᠰᠲ᠋ᠧᠮ ᠤᠨ ᠺᠠᠳ᠋ᠷ ᠠᠵᠢᠯᠲᠠᠨ ᠵᠢᠴᠢ ᠦᠷᠡᠭᠳᠡᠭᠰᠡᠨ ᠪᠠᠭᠠᠲᠤᠷᠴᠤᠳ ᠤᠨ ᠪᠤᠩᠬᠤᠨ᠂ ᠳᠤᠷᠠᠰᠬᠠᠯ ᠤᠨ | ᠣᠷᠳᠣᠨ᠂ ᠦᠷᠡᠭᠳᠡᠭᠰᠡᠨ ᠪᠠᠭᠠᠲᠤᠷᠴᠤᠳ ᠤᠨ ᠲᠠᠶᠢᠯᠤᠮᠵᠢ ᠶᠢᠨ ᠠᠵᠢᠯ ᠤᠨ ᠲᠤᠰᠬᠠᠶ ᠲᠠᠶᠢᠯᠪᠤᠷᠢᠯᠠᠭᠴᠢ ᠪᠠ ᠰᠠᠶᠢᠨ | ᠳᠤᠷ᠎ᠠ ᠶᠢᠨ ᠲᠠᠶᠢᠯᠪᠤᠷᠢᠯᠠᠭᠴᠢ ᠣᠷᠣᠯᠴᠠᠬᠰᠠᠨ ᠪᠠᠶᠢᠨ᠎ᠠ᠃ ᠤᠷᠤᠯᠳᠤᠭᠠᠨ ᠳᠤ ᠤᠷᠤᠯᠴᠠᠬᠰᠠᠳ ᠬᠢᠩᠭᠠᠨ ᠠᠶᠢᠮᠠᠭ ᠤᠨ | ᠬᠤᠪᠢᠰᠬᠠᠯ ᠤᠨ ᠲᠡᠦᠬᠡᠨ ᠳᠡᠭᠡᠷᠡᠬᠢ ᠮᠠᠭᠲᠠᠨ ᠳᠠᠭᠤᠯᠠᠭᠤᠰᠢᠲᠠᠶ ᠦᠷᠡᠭᠳᠡᠭᠰᠡᠨ ᠪᠠᠭᠠᠲᠤᠷᠴᠤᠳ ᠤᠨ ᠦᠢᠯᠡ | ᠠᠵᠢᠯᠯᠠᠭ᠎ᠠ ᠶᠢᠨ ᠲᠣᠭᠤᠷᠢᠨ ᠳᠤ ᠬᠡᠬᠦᠳᠡᠭ ᠳᠦᠭᠦᠷᠡᠩ ᠴᠢᠩ ᠦᠨᠡᠨᠴᠢ ᠬᠠᠶᠢᠷ᠎ᠠ ᠰᠡᠳᠭᠢᠯᠭᠡ ᠪᠠ ᠪᠤᠷᠤᠭᠵᠢᠭᠤᠨ | ᠤᠨᠤᠪᠴᠢᠳᠠᠢ ᠦᠭᠡ ᠬᠡᠯᠡ ᠪᠠᠷ ᠪᠠᠭᠠᠲᠤᠷᠴᠤᠳ ᠤᠨ ᠦᠯᠢᠭᠡᠷ ᠢ ᠭᠦᠨ ᠰᠡᠳᠭᠢᠯᠭᠡ ᠲᠠᠢ ᠪᠠᠷ ᠶᠠᠷᠢᠪᠠ᠃ | ᠰᠢᠷᠦᠭᠦᠨ ᠥᠷᠢᠰᠥᠯᠳᠦᠭᠡᠨ ᠢᠶᠠᠷ ᠳᠠᠮᠵᠢᠨ᠂ ᠨᠢᠭᠡᠳᠦᠭᠡᠷ ᠳᠡᠰ ᠤᠨ ᠱᠠᠩᠨᠠᠯ 1 ᠨᠡᠷᠡᠰ᠂ ᠬᠤᠶᠠᠳᠤᠭᠠᠷ ᠳᠡᠰ ᠤᠨ | ᠱᠠᠩᠨᠠᠯ 2 ᠨᠡᠷᠡᠰ᠂ ᠭᠤᠷᠪᠠᠳᠤᠭᠠᠷ ᠳᠡᠰ ᠤᠨ ᠱᠠᠩᠨᠠᠯ 5 ᠨᠡᠷᠡᠰ ᠢ ᠰᠢᠯᠭᠠᠷᠠᠭᠤᠯᠪᠠ᠃ ᠬᠢᠩᠭᠠᠨ ᠠᠶᠢᠮᠠᠭ ᠤᠨ ᠴᠡᠷᠢᠭ ᠤᠨ | ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ | ᠪᠣᠯᠭᠠᠵᠤ᠂ ᠦᠷᠡᠭᠳᠡᠭᠰᠡᠨ ᠪᠠᠭᠠᠲᠤᠷᠴᠤᠳ ᠤᠨ ᠦᠯᠢᠬᠡᠷ ᠤᠨ ᠤᠬᠠᠭᠤᠯᠤᠨ ᠲᠠᠶᠢᠯᠪᠤᠷᠢᠯᠠᠭᠴᠢ ᠶᠢᠨ ᠡᠩᠨᠡᠭᠡ ᠶᠢᠨ | ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠤᠯᠤᠰ ᠲᠥᠷᠥ ᠶᠢᠨ ᠵᠣᠭᠰᠣᠯᠲᠠ ᠪᠠᠲᠤ᠂ ᠲᠤᠬᠠᠶᠢᠯᠠᠭᠰᠠᠨ | ᠠᠵᠢᠯ ᠤᠨ ᠴᠢᠳᠠᠪᠤᠷᠢ ᠭᠠᠷᠮᠠᠭᠠᠶ᠂ ᠠᠵᠢᠯ ᠤᠨ ᠰᠤᠷᠲᠠᠯ ᠰᠢᠯᠢᠳᠡᠭ ᠦᠷᠡᠭᠳᠡᠭᠰᠡᠨ ᠪᠠᠭᠠᠲᠤᠷᠴᠤᠳ ᠤᠨ ᠦᠯᠢᠭᠡᠷ ᠤᠨ | ᠤᠬᠠᠭᠤᠯᠤᠨ ᠲᠠᠶᠢᠯᠪᠤᠷᠢᠯᠠᠭᠴᠢ ᠶᠢᠨ ᠡᠩᠨᠡᠭᠡ ᠶᠢ ᠪᠠᠶᠢᠭᠤᠯᠵᠦ᠂ ᠲᠡᠳᠡᠨ ᠤ ᠲᠠᠶᠢᠯᠪᠤᠷᠢᠯᠠᠯᠲᠠ ᠪᠠᠷ ᠳᠠᠮᠵᠢᠨ᠂ ᠦᠷᠡᠭᠳᠡᠭᠰᠡᠨ | ᠪᠠᠭᠠᠲᠤᠷᠴᠤᠳ ᠤᠨ ᠦᠢᠯᠡ ᠠᠵᠢᠯᠯᠠᠭ᠎ᠠ ᠶᠢ ᠨᠡᠩ ᠰᠠᠶᠢᠲᠤᠷ ᠤᠯᠠᠮᠵᠢᠯᠠᠵᠤ᠂ ᠨᠡᠶᠢᠭᠡᠮ ᠳᠠᠶᠠᠭᠠᠷ ᠲᠤ ᠦᠷᠡᠭᠳᠡᠭᠰᠡᠨ | ᠪᠠᠭᠠᠲᠤᠷᠴᠤᠳ ᠢ ᠬᠦᠨᠳᠦᠳᠭᠡᠬᠦ᠂ ᠳᠤᠷᠠᠰᠤᠨ ᠰᠠᠨᠠᠭᠠᠯᠵᠠᠬᠤ᠂ ᠦᠷᠡᠭᠳᠡᠭᠰᠡᠨ ᠪᠠᠭᠠᠲᠤᠷᠴᠤᠳ ᠠᠴᠠ ᠰᠤᠷᠤᠯᠴᠠᠬᠤ᠂ | ᠦᠷᠡᠭᠳᠡᠭᠰᠡᠨ ᠪᠠᠭᠠᠲᠤᠷᠴᠤᠳ ᠵᠢᠴᠢ ᠦᠷᠡᠭᠳᠡᠭᠰᠡᠨ ᠪᠠᠭᠠᠲᠤᠷᠴᠤᠳ ᠤᠨ ᠭᠡᠷ ᠪᠦᠯᠢ ᠶᠢ ᠬᠠᠯᠠᠮᠵᠢᠯᠠᠬᠤ ᠭᠦᠨ ᠵᠤᠵᠠᠭᠠᠨ | ᠠᠭᠤᠷ ᠠᠮᠢᠰᠬᠤᠯ ᠢ ᠨᠡᠶᠢᠬᠡᠮ ᠲᠠᠶᠠᠭᠠᠷ ᠪᠤᠢ ᠪᠤᠯᠭᠠᠬᠤ ᠪᠠᠷ ᠴᠢᠷᠮᠠᠶᠢᠵᠦ ᠪᠤᠢ᠃ ︵ᠰᠦᠨ ᠯᠢ ᠵᠢᠩ︶ | |