ᠤᠯᠠᠭᠠᠨᠬᠤᠳᠠ ᠶᠢᠨ ᠡᠤ ᠢ ᠵᠡᠬᠡᠯᠢ ᠶᠢᠨ ᠢ ᠬᠤᠸᠠᠨ ᠼᠦᠢ ᠨᠡᠶᠢᠬᠡᠮ ᠲᠤᠭᠤᠷᠢᠭ ᠬᠦᠷᠦᠮᠡᠯ ᠤᠨ ᠤᠷ᠎ᠠ ᠮᠡᠷᠬᠡᠵᠢᠯ ᠤᠨ ᠪᠤᠯᠪᠠᠰᠦᠷᠠᠯ ᠦᠷᠨᠢᠬᠦᠯᠪᠡ
ᠨᠡᠶᠢᠲᠡᠯᠡᠭᠰᠡᠨ ᠴᠠᠭ᠄
2025/5/14
        ᠤᠶᠢᠷ᠎ᠠ ᠳᠤ᠂ ᠤᠯᠠᠭᠠᠨᠬᠤᠳᠠ ᠶᠢᠨ ᠡᠤ ᠢ ᠵᠡᠬᠡᠯᠢ ᠶᠢᠨ ᠢ ᠬᠤᠸᠠᠨ ᠼᠦᠢ ᠨᠡᠶᠢᠬᠡᠮ ᠲᠤᠭᠤᠷᠢᠭ ᠲᠤ ︽ᠪᠤᠳᠠᠰ ᠤᠨ ᠪᠤᠰᠤ ᠰᠤᠶᠤᠯ ᠤᠨ ᠤᠷ᠎ᠠ ᠮᠡᠷᠬᠡᠵᠢᠯ ᠢᠶᠠᠷ ᠤᠷᠤᠯᠭ᠎ᠠ ᠶᠢ ᠨᠡᠮᠡᠭᠳᠡᠬᠦᠯᠬᠦ · ᠤᠷᠠᠨ ᠭᠠᠷ ᠢᠶᠠᠷ ᠢᠶᠠᠨ ᠵᠢᠷᠭᠠᠯᠳᠤ ᠠᠮᠢᠳᠦᠷᠠᠯ ᠢᠶᠠᠨ ᠴᠤᠬᠴᠠᠯᠠᠶ᠎ᠠ︾ ᠬᠡᠬᠦ ᠤᠷ᠎ᠠ ᠮᠡᠷᠬᠡᠵᠢᠯ ᠤᠨ ᠪᠤᠯᠪᠠᠰᠦᠷᠠᠯ ᠦᠷᠨᠢᠬᠦᠯᠵᠦ᠂ ᠬᠠᠷᠢᠶᠠᠳᠤ ᠤᠷᠤᠨ ᠤ ᠰᠠᠭᠤᠭᠠᠯᠢ ᠠᠷᠠᠳ ᠤᠨ ᠠᠵᠢᠯ ᠤᠯᠭᠤᠯᠳᠠ ᠶᠢ ᠠᠬᠢᠭᠤᠯᠤᠨ ᠤᠷᠤᠯᠭ᠎ᠠ ᠶᠢ ᠨᠢ ᠨᠡᠮᠡᠭᠳᠡᠬᠦᠯᠬᠦ ᠳᠤ ᠬᠦᠴᠦᠨ ᠨᠡᠮᠡᠷᠢᠯᠡᠵᠡᠢ᠃        ᠠᠵᠢᠯᠯᠠᠭ᠎ᠠ ᠳᠤ᠂ ᠮᠧᠩ ᠴᠢᠤᠸᠠᠢ ᠠᠵᠢᠯ ᠮᠡᠷᠬᠡᠵᠢᠯ ᠤᠨ ᠪᠤᠯᠪᠠᠰᠦᠷᠠᠯ ᠤᠨ ᠰᠤᠷᠭᠠᠭᠤᠯᠢ ᠶᠢᠨ ᠲᠤᠰᠬᠠᠢ ᠮᠡᠷᠬᠡᠵᠢᠯ ᠤᠨ ᠪᠠᠭᠰᠢ ᠠᠴᠠ ᠰᠤᠷᠤᠬᠴᠢᠳ ᠲᠤ ᠲᠤᠭᠤᠰ ᠤᠨ ᠦᠳᠦ ᠪᠠᠷ ᠭᠠᠷ ᠤᠷᠠᠯᠠᠯ ᠤᠨ ᠪᠦᠳᠦᠭᠡᠭᠳᠡᠬᠦᠨ ᠬᠢᠬᠦ ᠶᠠᠪᠤᠴᠠ ᠶᠢ ᠨᠠᠷᠢᠯᠢᠭ ᠲᠠᠶᠢᠯᠪᠦᠷᠢᠯᠠᠵᠦ ᠦᠭᠴᠡᠢ᠃        ᠢ ᠬᠤᠸᠠᠨ ᠼᠦᠢ ᠨᠡᠶᠢᠬᠡᠮ ᠲᠤᠭᠤᠷᠢᠭ ᠤᠨ ᠬᠠᠨ ᠠᠭᠤᠯᠠ ᠪᠠᠭ᠎ᠠ ᠲᠤᠭᠤᠷᠢᠭ ᠤᠨ ᠪᠤᠤ ᠢᠤᠢ ᠯᠠᠨ᠄ ︽ᠦᠨᠦᠳᠦᠷ ᠪᠢ ᠡᠨᠡᠬᠦ ᠪᠤᠯᠪᠠᠰᠦᠷᠠᠯ ᠳᠤ ᠤᠷᠤᠯᠴᠠᠭᠠᠳ ᠲᠤᠩ ᠶᠡᠭᠡ ᠤᠯᠤᠯᠳᠠ ᠲᠠᠢ᠃ ᠪᠠᠭᠰᠢ ᠠᠴᠠ ᠪᠢᠳᠡᠨ ᠳᠤ ᠲᠤᠭᠤᠰ ᠤᠨ ᠦᠳᠦ ᠪᠠᠷ ᠡᠬᠡᠮᠦᠭ ᠬᠢᠬᠦ ᠮᠡᠷᠬᠡᠵᠢᠯ ᠵᠢᠭᠠᠵᠦ ᠦᠭᠬᠦᠭᠰᠡᠨ ᠠᠴᠠ ᠪᠢᠳᠡ ᠰᠡᠬᠦᠯᠡᠷ ᠡᠨᠡᠬᠦ ᠮᠡᠷᠬᠡᠵᠢᠯ ᠢᠶᠠᠷ ᠢᠶᠠᠨ ᠰᠤᠯᠠ ᠠᠵᠢᠯ ᠬᠢᠵᠦ ᠤᠷᠤᠯᠭ᠎ᠠ ᠤᠯᠬᠤ ᠪᠤᠯᠤᠨ᠎ᠠ︾ ᠬᠡᠵᠦ ᠪᠠᠶᠠᠷᠳᠠᠶᠢᠬᠠᠨ ᠶᠠᠷᠢᠵᠦ ᠪᠠᠶᠢᠯ᠎ᠠ᠃        ᠤᠶᠢᠯᠠᠭᠠᠬᠰᠠᠨ ᠢᠶᠠᠷ᠂ ᠲᠤᠰ ᠤᠳᠠᠭᠠᠨ ᠤ ᠪᠤᠯᠪᠠᠰᠦᠷᠠᠯ ᠨᠢ 7 ᠡᠳᠦᠷ ᠤᠨ ᠬᠤᠭᠤᠴᠠᠭ᠎ᠠ ᠲᠠᠢ ᠶᠠᠪᠤᠬᠳᠠᠵᠦ᠂ ᠨᠡᠶᠢᠳᠡ 58 ᠰᠤᠷᠤᠬᠴᠢ ᠪᠤᠯᠪᠠᠰᠦᠷᠠᠯ ᠳᠤ ᠤᠷᠤᠯᠴᠠᠵᠦ᠂ ᠰᠠᠭᠤᠭᠠᠯᠢ ᠠᠷᠠᠳ ᠬᠡᠷ ᠤᠨ ᠡᠬᠦᠳᠡᠨ ᠳᠡᠭᠡᠨ ᠡᠯᠪᠡᠭ ᠠᠭᠤᠯᠭ᠎ᠠ ᠲᠠᠢ ᠠᠷᠠᠳ ᠲᠤ ᠠᠰᠢᠭ ᠬᠦᠷᠳᠡᠭᠡᠬᠦ ᠨᠡᠶᠢᠳᠡ ᠶᠢᠨ ᠠᠰᠠᠷᠠᠮᠵᠢ ᠶᠢᠨ ᠬᠢᠴᠢᠶᠡᠯ ᠤᠯᠵᠦ ᠰᠤᠷᠤᠯᠴᠠᠬᠰᠠᠠ ᠪᠦᠭᠡᠳ ᠭᠠᠷ ᠤᠷᠠᠯᠠᠯ ᠤᠨ ᠤᠷ᠎ᠠ ᠮᠡᠷᠬᠡᠵᠢᠯ ᠢ ᠡᠵᠡᠮᠰᠢᠵᠦ᠂ ᠲᠡᠳᠡᠨ ᠤ ᠠᠵᠢᠯ ᠤᠯᠭᠤᠯᠳᠠ ᠶᠢᠨ ᠵᠠᠮ ᠢ ᠦᠷᠭᠡᠳᠬᠡᠭᠰᠡᠨ ᠪᠠᠶᠢᠨ᠎ᠠ᠃        ᠡᠤ ᠢ ᠵᠡᠬᠡᠯᠢ ᠶᠢᠨ ᠢ ᠬᠤᠸᠠᠨ ᠼᠦᠢ ᠨᠡᠶᠢᠬᠡᠮ ᠲᠤᠭᠤᠷᠢᠭ ᠤᠨ ᠨᠠᠮ ᠤᠨ ᠶᠡᠷᠦᠩᠭᠡᠢ ᠡᠬᠦᠷ ᠤᠨ ᠱᠦᠵᠢ ᠴᠤᠨ ᠶᠠᠨ ᠯᠢᠩ᠄ ︽ᠲᠠᠷᠠᠭᠠᠴᠢ ᠪᠠᠷ᠂ ᠨᠡᠶᠢᠬᠡᠮ ᠲᠤᠭᠤᠷᠢᠭ ᠵᠠᠬ᠎ᠠ ᠲᠡᠯᠬᠡᠬᠦᠷ ᠤᠨ ᠱᠠᠭᠠᠷᠳᠠᠯᠭ᠎ᠠ ᠪᠠ ᠰᠠᠭᠤᠭᠠᠯᠢ ᠠᠷᠠᠳ ᠤᠨ ᠠᠵᠢᠯ ᠤᠯᠬᠤ ᠰᠠᠨᠠᠮᠵᠢ ᠲᠠᠢ ᠤᠶᠠᠯᠳᠤᠭᠤᠯᠤᠨ᠂ ᠤᠯᠠᠨ ᠡᠰᠢᠵᠢᠭᠰᠡᠨ ᠤᠷ᠎ᠠ ᠮᠡᠷᠬᠡᠵᠢᠯ ᠤᠨ ᠪᠤᠯᠪᠠᠰᠦᠷᠠᠯ ᠢ ᠦᠷᠬᠦᠯᠵᠢᠯᠡᠨ ᠦᠷᠨᠢᠬᠦᠯᠵᠦ᠂ ᠨᠡᠩ ᠤᠯᠠᠨ ᠠᠵᠢᠯ ᠤᠯᠭᠤᠯᠳᠠ ᠶᠢᠨ ᠲᠦᠷᠦᠯ ᠵᠦᠢᠯ ᠢ ᠤᠷᠤᠭᠤᠯᠵᠦ ᠂ ᠡᠦ ᠢ ᠵᠡᠬᠡᠯᠢ ᠶᠢᠨ ︿1464 ᠠᠵᠢᠯ ᠤᠨ ᠠᠷᠭ᠎ᠠ﹀ ᠳᠤ ᠲᠦᠰᠢᠭᠯᠡᠨ᠂ ᠠᠵᠢᠯ ᠤᠯᠭᠤᠯᠳᠠ ᠶᠢᠨ ᠦᠢᠯᠡᠴᠢᠯᠡᠭᠡ ᠶᠢ ᠠᠷᠠᠳ ᠤᠨ ᠰᠡᠳᠬᠢᠯ ᠳᠤ ᠬᠦᠷᠬᠡᠬᠦ ᠪᠤᠯᠤᠨ᠎ᠠ︾ ᠬᠡᠵᠦ ᠶᠠᠷᠢᠵᠦ ᠪᠠᠶᠢᠯ᠎ᠠ᠃ ᠮᠧᠩ ᠵᠢᠩ ᠭᠥᠸᠧ ᠭᠥᠸᠧ ᠮᠡᠳᠡᠬᠡᠯᠡᠪᠡ
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号