| ᠡᠷᠡᠬᠦᠯ ᠴᠢᠬᠢᠷᠠᠭ ᠪᠡᠶ᠎ᠡ ᠰᠤᠪᠢᠯᠠᠯᠳᠠ ᠶᠢᠨ ᠤᠶᠢᠯᠠᠭᠠᠬᠳᠠᠬᠤᠨ ᠢ ᠤᠬᠠᠭᠤᠯᠵᠦ᠂ ᠬᠠᠪᠦᠷ ᠤᠨ ᠤᠯᠠᠷᠢᠯ ᠤᠨ | ᠡᠷᠡᠬᠦᠯ ᠴᠢᠬᠢᠷᠠᠭ ᠪᠡᠶ᠎ᠡ ᠰᠤᠪᠢᠯᠠᠯᠳᠠ ᠶᠢᠨ ᠮᠡᠳᠡᠯᠬᠡ ᠶᠢ ᠲᠦᠬᠡᠮᠡᠯᠵᠢᠬᠦᠯᠬᠦ ᠶᠢᠨ ᠲᠦᠯᠦᠬᠡ᠂ ᠤᠶᠢᠷ᠎ᠠ ᠳᠤ | ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠱᠸᠡᠭᠯᠢ | ᠬᠤᠪᠢᠶᠠᠷᠢ ᠬᠤᠷᠢᠶ᠎ᠠ ᠶᠢᠨ ᠬᠢᠨ ᠬᠠᠷᠢᠶᠠᠳᠤ ᠤᠷᠤᠨ ᠤ ᠪᠠᠭ᠎ᠠ ᠰᠤᠷᠭᠠᠭᠤᠯᠢ ᠪᠠᠷ ᠬᠦᠨᠵᠡᠬᠡᠶᠢᠷᠡᠨ ︽ᠬᠠᠪᠦᠷ ᠤᠨ | ᠤᠯᠠᠷᠢᠯ ᠳᠤ ᠪᠡᠶ᠎ᠡ ᠰᠤᠪᠢᠯᠠᠬᠤ︾ ᠡᠷᠡᠬᠦᠯ ᠮᠡᠨᠳᠤ ᠶᠢᠨ ᠮᠡᠳᠡᠯᠬᠡ ᠶᠢᠨ ᠰᠠᠭᠤᠳᠠᠯ ᠤᠨ ᠬᠤᠷᠠᠯ ᠬᠤᠷᠠᠯᠳᠤᠭᠤᠯᠪᠠ᠃ | ᠱᠸᠡᠭᠯᠢ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠢᠨ ᠡᠷᠡᠬᠦᠯ ᠮᠡᠨᠳᠤ ᠶᠢᠨ ᠤᠬᠠᠭᠤᠯᠤᠬᠴᠢ ᠭᠤᠤ ᠹᠠᠨ | ᠡᠮᠴᠢ ᠬᠠᠪᠦᠷ ᠤᠨ ᠤᠯᠠᠷᠢᠯ ᠤᠨ ᠠᠭᠤᠷ ᠠᠮᠢᠰᠬᠤᠯ ᠲᠤᠬᠳᠠᠭᠤᠨ ᠪᠤᠰᠤ ᠤᠨᠴᠠᠯᠢᠭ ᠲᠤ ᠴᠢᠭᠯᠡᠬᠦᠯᠦᠨ᠂ ᠡᠳᠦᠷ | ᠲᠤᠳᠤᠮ ᠤᠨ ᠠᠮᠢᠳᠦᠷᠠᠯ᠂ ᠡᠷᠡᠬᠦᠯ ᠴᠢᠬᠢᠷᠠᠭ ᠤᠨ ᠲᠠᠯᠳᠠ ᠬᠡᠮ᠂ ᠪᠡᠶ᠎ᠡ ᠰᠤᠪᠢᠯᠠᠬᠤ ᠵᠠᠷᠴᠢᠮ᠂ ᠠᠷᠭ᠎ᠠ ᠵᠡᠷᠭᠡ | ᠲᠠᠯ᠎ᠠ ᠪᠠᠷ ᠨᠠᠷᠢᠯᠢᠭ ᠲᠠᠶᠢᠯᠪᠦᠷᠢᠯᠠᠯᠳᠠ ᠬᠢᠵᠡᠢ᠃ ᠭᠤᠤᠯᠳᠠᠭᠤ ᠰᠤᠷᠤᠬᠴᠢᠳ ᠲᠤ ᠡᠯᠢᠬᠡᠨ ᠡᠪᠡᠳᠴᠢᠨ᠂ | ᠠᠮᠢᠰᠬᠤᠯ ᠤᠨ ᠰᠢᠰᠲ᠋ᠧᠮ ᠤᠨ ᠡᠪᠡᠳᠴᠢᠨ ᠵᠡᠷᠭᠡ ᠦᠷᠬᠦᠯᠵᠢ ᠲᠤᠬᠢᠶᠠᠯᠳᠤᠬᠤ ᠡᠪᠡᠳᠴᠢᠨ ᠤ ᠢᠯᠡᠷᠡᠯ ᠢ ᠨᠠᠷᠢᠯᠢᠭ | ᠲᠠᠶᠢᠯᠪᠦᠷᠢᠯᠡᠵᠦ᠂ ᠡᠷᠡᠬᠦᠯ ᠪᠤᠰᠤ ᠠᠮᠢᠳᠦᠷᠠᠯ ᠤᠨ ᠠᠷᠭ᠎ᠠ ᠮᠠᠶ᠋ᠢᠭ᠂ ᠵᠤᠬᠢᠰ ᠦᠬᠡᠢ ᠢᠳᠡᠬᠡᠨ ᠤᠮᠳᠠᠭᠠᠨ ᠤ ᠲᠠᠳᠬᠠᠯ | ᠂ ᠤᠷᠮ᠎ᠠ ᠰᠡᠳᠬᠢᠯᠬᠡ ᠲᠤᠬᠳᠠᠭᠤᠨ ᠪᠤᠰᠤ ᠵᠡᠷᠭᠡ ᠨᠢ ᠡᠷᠡᠬᠦᠯ ᠴᠢᠬᠢᠷᠠᠭ ᠳᠤ ᠠᠪᠴᠢᠷᠠᠬᠤ ᠨᠦᠯᠦᠬᠡ ᠶᠢ ᠶᠠᠷᠢᠵᠦ | ᠦᠭᠴᠡᠢ᠃ | ᠲᠤᠰ ᠤᠳᠠᠭᠠᠨ ᠤ ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ ᠨᠢ ᠰᠤᠷᠤᠬᠴᠢᠳ ᠲᠤ ᠬᠠᠪᠦᠷ ᠤᠨ | ᠤᠯᠠᠷᠢᠯ ᠤᠨ ᠪᠡᠶ᠎ᠡ ᠰᠤᠪᠢᠯᠠᠬᠤ ᠮᠡᠳᠡᠯᠬᠡ ᠶᠢ ᠤᠶᠢᠯᠠᠭᠠᠭᠤᠯᠤᠬᠰᠠᠨ ᠢᠶᠠᠷ ᠪᠠᠷᠠᠬᠤ ᠦᠬᠡᠢ ᠪᠠᠰᠠ ᠲᠡᠳᠡᠨ ᠤ ᠡᠷᠡᠬᠦᠯ | ᠮᠡᠨᠳᠤ ᠶᠢᠨ ᠤᠬᠠᠮᠰᠠᠷ ᠪᠠ ᠦᠪᠡᠷ ᠢ ᠪᠠᠨ ᠬᠠᠮᠠᠭᠠᠯᠠᠬᠤ ᠴᠢᠳᠠᠪᠦᠷᠢ ᠶᠢ ᠲᠡᠭᠡᠭᠰᠢᠯᠡᠬᠦᠯᠵᠡᠢ᠃ ᠠᠷᠢᠭᠤᠨ ᠮᠡᠳᠡᠬᠡᠯᠡᠪᠡ | | | |