| ᠡᠮᠴᠢᠯᠡᠬᠡᠨ ᠤ ᠠᠵᠢᠯᠳᠠᠳ ᠵᠢᠴᠢ ᠡᠪᠡᠳᠴᠢᠳᠡᠳ ᠤᠨ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠦᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠦᠷᠢ ᠶᠢ ᠦᠨᠡᠨ ᠬᠦ ᠲᠡᠭᠡᠭᠰᠢᠯᠡᠬᠦᠯᠵᠦ᠂ ᠡᠮᠴᠢᠯᠡᠬᠡᠨ ᠤ | ᠦᠢᠯᠡᠴᠢᠯᠡᠭᠡ ᠶᠢᠨ ᠠᠵᠢᠯ ᠤᠨ ᠠᠮᠦᠷ ᠲᠦᠪᠰᠢᠨ ᠡᠮᠬᠢ ᠵᠢᠷᠦᠮ ᠲᠠᠢ ᠶᠠᠪᠤᠬᠳᠠᠬᠤ ᠶᠢ ᠪᠠᠳᠦᠯᠠᠬᠤ ᠶᠢᠨ ᠲᠦᠯᠦᠬᠡ᠂ | ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ ᠶᠡᠷᠦᠩᠭᠡᠢ ᠡᠮᠨᠡᠯᠬᠡ ᠶᠢᠨ | ᠬᠤᠷᠢᠶ᠎ᠠ ᠶᠢᠨ ᠬᠤᠳᠠ ᠶᠢᠨ ᠲᠡᠬᠦᠷᠭᠡ ᠬᠤᠪᠢᠶᠠᠷᠢ ᠬᠤᠷᠢᠶ᠎ᠠ ᠶᠢᠨ ᠬᠢᠨ ᠪᠦᠬᠦ ᠠᠵᠢᠯᠳᠠᠳ ᠢᠶᠠᠨ ᠵᠤᠬᠢᠶᠠᠨ ᠪᠠᠶᠢᠭᠤᠯᠵᠦ | ᠂ ᠭᠠᠯ ᠰᠡᠷᠬᠡᠶᠢᠯᠡᠵᠦ ᠭᠠᠯ ᠤᠨᠳᠠᠷᠠᠭᠠᠬᠤ ᠠᠮᠦᠷ ᠲᠦᠪᠰᠢᠨ ᠤ ᠰᠤᠷᠢᠯᠳᠠ ᠶᠢᠨ ᠠᠵᠢᠯᠯᠠᠭ᠎ᠠ ᠦᠷᠨᠢᠬᠦᠯᠵᠡᠢ᠃ | ᠰᠤᠷᠢᠯᠳᠠ ᠠᠴᠠ ᠡᠮᠦᠨ᠎ᠡ᠂ ᠠᠵᠢᠯᠳᠠᠳ ᠲᠤ ᠰᠡᠩᠬᠡᠷᠡᠬᠦᠯᠦᠯ ᠬᠦᠮᠦᠵᠢᠯ ᠤᠨ ᠹᠢᠯᠢᠮ ᠦᠵᠡᠬᠦᠯᠦᠭᠰᠡᠨ | ᠪᠦᠭᠡᠳ ᠨᠡᠶᠢᠳᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠦᠷᠬᠦᠯᠵᠢ ᠲᠤᠬᠢᠶᠠᠯᠳᠤᠬᠤ ᠭᠠᠯ ᠤᠨ ᠠᠶᠦᠯ ᠤᠨ | ᠲᠠᠯᠳᠠ ᠬᠡᠮ᠂ ᠭᠠᠯ ᠤᠨ ᠠᠶᠦᠯ ᠤᠨ ᠲᠠᠯᠠᠪᠦᠷ ᠠᠴᠠ ᠵᠢᠭᠤᠳᠠᠨ ᠲᠤᠳᠠᠭᠠᠬᠤ ᠳᠤ ᠠᠩᠬᠠᠷᠬᠤ ᠴᠢᠬᠤᠯᠠᠳᠠᠢ ᠵᠦᠢᠯᠡᠰ | ᠵᠢᠴᠢ ᠭᠠᠯ ᠤᠨ ᠠᠶᠦᠯ ᠤᠨ ᠪᠠᠴᠢᠮ ᠪᠠᠶᠢᠳᠠᠯ ᠢ ᠠᠷᠭᠠᠴᠠᠭᠠᠨ ᠰᠶᠢᠳᠪᠦᠷᠢᠯᠡᠬᠦ ᠶᠠᠪᠤᠴᠠ ᠶᠢ ᠭᠤᠤᠯᠳᠠᠯᠭ᠎ᠠ ᠲᠠᠢ | ᠤᠬᠠᠭᠤᠯᠤᠨ ᠳᠠᠶᠢᠯᠪᠤᠷᠢᠯᠠᠵᠠᠢ᠃ ᠡᠬᠦᠨ ᠤ ᠬᠠᠮᠳᠤ᠂ ᠲᠤᠬᠠᠢ ᠶᠢᠨ ᠲᠠᠯᠠᠪᠦᠷ ᠲᠤ ᠭᠠᠯ ᠤᠨᠳᠠᠷᠠᠭᠠᠭᠤᠷ ᠢ ᠵᠦᠪ | ᠤᠨᠤᠪᠴᠢᠳᠠᠢ ᠬᠡᠷᠡᠭᠯᠡᠬᠦ ᠶᠠᠪᠤᠴᠠ ᠶᠢ ᠵᠢᠭᠠᠨ ᠵᠢᠯᠤᠭᠤᠳᠪᠠ᠃ | ᠪᠤᠳᠠᠳᠠᠢ ᠰᠤᠷᠢᠯᠳᠠ ᠶᠢᠨ ᠶᠠᠪᠤᠴᠠ ᠳᠤ᠂ ᠡᠮᠴᠢᠯᠡᠬᠡᠨ ᠤ ᠠᠵᠢᠯᠳᠠᠳ ᠭᠠᠯ ᠤᠨᠳᠠᠷᠠᠭᠠᠭᠤᠷ ᠤᠨ ᠰᠤᠷᠢᠯᠳᠠ | ᠦᠷᠨᠢᠬᠦᠯᠵᠦ᠂ ᠭᠠᠯ ᠤᠨᠳᠠᠷᠠᠭᠠᠭᠤᠷ ᠢ ᠬᠡᠷᠡᠭᠯᠡᠬᠦ ᠤᠷ᠎ᠠ ᠮᠡᠷᠬᠡᠵᠢᠯ ᠢ ᠤᠨᠤᠪᠴᠢᠳᠠᠢ ᠡᠵᠡᠮᠰᠢᠵᠦ᠂ ᠭᠠᠯ ᠤᠨ ᠠᠶᠦᠯ ᠢ | ᠠᠷᠭᠠᠴᠠᠭᠠᠨ ᠰᠶᠢᠳᠪᠦᠷᠢᠯᠡᠬᠦ ᠴᠢᠳᠠᠪᠦᠷᠢ ᠶᠢ ᠦᠨᠡᠨ ᠬᠦ ᠲᠡᠭᠡᠭᠰᠢᠯᠡᠬᠦᠯᠵᠡᠢ᠃ ᠪᠤᠤ ᠵᠢᠶᠠᠨ ᠬᠤᠸᠠ ᠮᠡᠳᠡᠬᠡᠯᠡᠪᠡ |