| ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠲᠤᠳᠤᠭᠠᠳᠤ ᠱᠦᠬᠦᠷᠡᠯ ᠤᠨ ᠰᠢᠰᠲ᠋ᠧᠮ ᠤᠨ | ᠡᠪᠡᠳᠴᠢᠨ ᠤ ᠲᠤᠬᠠᠢ ᠲᠠᠨᠢᠯᠳᠠ ᠶᠢ ᠲᠡᠭᠡᠭᠰᠢᠯᠡᠬᠦᠯᠵᠦ᠂ ᠦᠪᠡᠷ ᠢ ᠪᠠᠨ ᠬᠠᠮᠠᠭᠠᠯᠠᠬᠤ ᠤᠬᠠᠮᠰᠠᠷ ᠢ | ᠲᠡᠭᠡᠭᠰᠢᠯᠡᠬᠦᠯᠬᠦ ᠶᠢᠨ ᠲᠦᠯᠦᠬᠡ᠂ ᠤᠶᠢᠷ᠎ᠠ ᠳᠤ᠂ ᠤᠯᠠᠭᠠᠨᠬᠤᠳᠠ ᠶᠢᠨ ᠡᠮᠴᠢᠯᠡᠬᠡᠨ ᠤ ᠬᠠᠮᠳᠤ ᠶᠢᠨ ᠴᠤᠬᠴᠠ ᠶᠢᠨ | ᠶᠡᠷᠦᠩᠭᠡᠢ ᠡᠮᠨᠡᠯᠬᠡ ᠶᠢᠨ ᠬᠤᠷᠢᠶ᠎ᠠ ᠶᠢᠨ ᠬᠤᠳᠠ ᠶᠢᠨ ᠲᠡᠬᠦᠷᠭᠡ ᠨᠡᠶᠢᠬᠡᠮ ᠲᠤᠭᠤᠷᠢᠭ ᠬᠤᠪᠢᠶᠠᠷᠢ ᠬᠤᠷᠢᠶ᠎ᠠ ᠶᠡᠷᠦᠩᠭᠡᠢ | ᠡᠮᠨᠡᠯᠬᠡ ᠶᠢᠨ ᠬᠤᠷᠢᠶ᠎ᠠ ᠶᠢᠨ ᠲᠤᠳᠤᠭᠠᠳᠤ ᠱᠦᠬᠦᠷᠡᠯ ᠤᠨ ᠰᠠᠯᠠᠭ᠎ᠠ ᠶᠢᠨ ᠯᠸᠢ ᠢᠤᠢ ᠰᠢᠨ ᠡᠷᠬᠢᠯᠡᠭᠴᠢ ᠶᠢ ᠤᠷᠢᠵᠦ | ᠡᠷᠡᠬᠦᠯ ᠮᠡᠨᠳᠤ ᠶᠢᠨ ᠰᠠᠭᠤᠳᠠᠯ ᠤᠨ ᠬᠤᠷᠠᠯ ᠵᠢᠴᠢ ᠪᠠᠶᠢᠴᠠᠭᠠᠬᠤ ᠠᠵᠢᠯᠯᠠᠭ᠎ᠠ ᠦᠷᠨᠢᠬᠦᠯᠵᠦ᠂ ᠡᠷᠡᠬᠦᠯ ᠮᠡᠨᠳᠤ ᠶᠢᠨ | ᠮᠡᠳᠡᠯᠭᠡ ᠶᠢ ᠦᠨᠳᠤᠰᠤᠨ ᠱᠠᠳᠤᠨ ᠳᠤ ᠬᠦᠷᠭᠡᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠰᠠᠶᠢᠨ | ᠦᠨᠡᠯᠡᠯᠳᠡ ᠶᠢ ᠤᠯᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠦᠷ ᠲᠤ᠂ ᠯᠸᠢ ᠢᠤᠢ ᠰᠢᠨ ᠰᠠᠭᠤᠭᠠᠯᠢ ᠠᠷᠠᠳ ᠨᠢᠬᠡᠪᠦᠷᠢ ᠶᠢᠨ | ᠴᠢᠰᠦᠨ ᠰᠢᠬᠢᠷ᠂ ᠴᠢᠰᠦᠨ ᠲᠠᠷᠦᠯᠳᠠ ᠶᠢ ᠨᠢ ᠬᠡᠮᠵᠢᠵᠦ ᠦᠭᠬᠦᠭᠰᠡᠨ ᠪᠦᠭᠡᠳ ᠤᠯᠠᠨ ᠤ ᠠᠰᠠᠭᠤᠬᠰᠠᠨ ᠡᠯ᠎ᠡ | ᠵᠦᠢᠯ ᠤᠨ ᠡᠷᠡᠬᠦᠯ ᠮᠡᠨᠳᠤ ᠶᠢᠨ ᠲᠤᠬᠠᠢ ᠮᠠᠳᠠᠭ ᠲᠠᠢ ᠠᠰᠠᠭᠤᠳᠠᠯ ᠢ ᠨᠠᠷᠢᠯᠢᠭ ᠲᠠᠶᠢᠯᠪᠦᠷᠢᠯᠠᠵᠦ ᠦᠭᠴᠡᠢ᠃ ᠯᠸᠢ | ᠢᠤᠢ ᠰᠢᠨ ᠡᠮᠴᠢ ᠪᠠᠰᠠ ᠰᠢᠬᠢᠷ ᠰᠢᠵᠢᠩ ᠡᠪᠡᠳᠴᠢᠨ᠂ ᠪᠠᠮᠪᠠᠢ ᠪᠤᠯᠴᠢᠷᠬᠠᠢ ᠶᠢᠨ ᠡᠪᠡᠳᠴᠢᠨ ᠵᠡᠷᠭᠡ ᠲᠤᠳᠤᠭᠠᠳᠤ | ᠱᠦᠬᠦᠷᠡᠯ ᠤᠨ ᠰᠢᠰᠲ᠋ᠧᠮ ᠤᠨ ᠡᠪᠡᠳᠴᠢᠨ ᠲᠠᠢ ᠰᠠᠭᠤᠭᠠᠯᠢ ᠠᠷᠠᠳ ᠤᠨ ᠪᠤᠳᠠᠳᠠᠢ ᠡᠪᠡᠳᠴᠢᠨ ᠤ ᠪᠠᠶᠢᠳᠠᠯ ᠲᠠᠢ | ᠤᠶᠠᠯᠳᠤᠭᠤᠯᠤᠨ᠂ ᠦᠪᠡᠷᠮᠢᠴᠢᠯᠡᠭᠰᠡᠨ ᠵᠠᠰᠠᠯᠭ᠎ᠠ ᠶᠢᠨ ᠰᠠᠨᠠᠭᠤᠯᠭ᠎ᠠ ᠪᠠ ᠢᠳᠡᠬᠡᠨ ᠤᠮᠳᠠᠭᠠᠨ ᠢᠶᠠᠨ ᠵᠤᠬᠢᠰᠳᠠᠢ | ᠲᠤᠬᠢᠷᠠᠭᠤᠯᠬᠤ ᠵᠢᠯᠤᠭᠤᠳᠤᠯᠭ᠎ᠠ ᠬᠠᠨᠭ᠍ᠭᠠᠵᠠᠢ᠃ | ᠲᠤᠰ ᠤᠳᠠᠭᠠᠨ ᠤ ᠠᠵᠢᠯᠯᠠᠭ᠎ᠠ ᠪᠠᠷ ᠲᠠᠮᠵᠢᠭᠤᠯᠤᠨ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ | ᠲᠤᠰᠬᠠᠢ ᠮᠡᠷᠬᠡᠵᠢᠯ ᠤᠨ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠰᠠᠨ ᠢᠶᠠᠷ ᠪᠠᠷᠠᠬᠤ ᠦᠬᠡᠢ ᠪᠠᠰᠠ ᠲᠤᠳᠤᠭᠠᠳᠤ | ᠱᠦᠬᠦᠷᠡᠯ ᠤᠨ ᠰᠢᠰᠲ᠋ᠧᠮ ᠤᠨ ᠡᠪᠡᠳᠴᠢᠨ ᠢ ᠰᠡᠷᠬᠡᠶᠢᠯᠡᠬᠦ ᠮᠡᠳᠡᠯᠬᠡ ᠶᠢ ᠲᠦᠬᠡᠮᠡᠯᠵᠢᠬᠦᠯᠵᠦ᠂ ᠰᠠᠭᠤᠭᠠᠯᠢ ᠠᠷᠠᠳ ᠤᠨ | ᠡᠷᠡᠬᠦᠯ ᠮᠡᠨᠳᠤ ᠶᠢᠨ ᠤᠬᠠᠮᠰᠠᠷ ᠪᠠ ᠦᠪᠡᠷ ᠤᠨ ᠪᠡᠶ᠎ᠡ ᠪᠠᠨ ᠬᠠᠮᠢᠶᠠᠷᠬᠤ ᠴᠢᠳᠠᠪᠦᠷᠢ ᠶᠢ ᠦᠨᠡᠨ ᠬᠦ ᠲᠡᠭᠡᠭᠰᠢᠯᠡᠬᠦᠯᠵᠡᠢ᠃ | ︵ᠬᠠᠨ᠎ᠠ︶ |