| 5 ᠰᠠᠷ᠎ᠠ ᠶᠢᠨ 13 ᠤ ᠡᠳᠦᠷ᠂ ᠤᠯᠠᠭᠠᠨᠬᠤᠲᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠠᠴᠠ ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ | ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠭᠦᠢᠴᠡᠳᠭᠡᠯᠭᠡᠬᠦ | ᠠᠵᠢᠯ ᠤᠨ ᠬᠤᠷᠠᠯ ᠬᠤᠷᠠᠯᠳᠤᠭᠤᠯᠪᠠ᠃ ᠬᠤᠲᠠ ᠶᠢᠨ ᠤᠳᠤᠷᠢᠳᠤᠯᠭ᠎ᠠ ᠭᠧᠩ ᠴᠧᠩ᠂ ᠭᠤᠸᠠᠨ ᠹᠧᠩ᠂ ᠸᠠᠩ ᠮᠢᠩ | ᠶᠠᠩ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ᠂ ᠡᠯ᠎ᠡ ᠳᠠᠭᠠᠭᠠᠨ ᠠᠪᠴᠤ ᠰᠢᠢᠳᠪᠦᠷᠢᠯᠡᠬᠦ ᠪᠠᠶᠢᠭᠤᠯᠭ᠎ᠠ ᠨᠢᠭᠡᠴᠢ ᠶᠢᠨ ᠬᠢᠨ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠶᠢ ᠴᠢᠬᠤᠯᠠᠴᠢᠯᠠᠬᠤ ᠪᠠ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ | ᠢᠯᠡ ᠲᠣᠳᠣ ᠶᠠᠰᠤ ᠴᠢᠨᠠᠷ ᠤᠨ ᠤᠳᠤᠷᠢᠳᠤᠮᠵᠢ ᠶᠢ ᠪᠤᠢ ᠪᠣᠯᠭᠠᠵᠤ᠂ ᠬᠦᠴᠦᠨ ᠲᠠᠢ ᠬᠤᠭᠤᠴᠠᠭ᠎ᠠ ᠶᠢ ᠨᠠᠷᠢᠨ | ᠬᠢᠨᠠᠮᠠᠭᠠᠢ ᠡᠵᠡᠮᠳᠡᠵᠦ᠂ ᠰᠢᠢᠳᠪᠦᠷᠢᠯᠡᠬᠦ ᠲᠡᠰ ᠳᠠᠷᠠᠭᠠᠯᠠᠯ ᠢ ᠴᠢᠨᠠᠭᠰᠢᠳᠠ ᠰᠢᠯᠢᠳᠡᠭᠵᠢᠭᠦᠯᠵᠦ᠂ ᠰᠠᠨᠠᠯ | ᠳᠤᠷᠠᠳᠤᠯᠭ᠎ᠠ ᠶᠢᠨ ᠵᠢᠱᠢᠭᠰᠡᠨ ᠦᠷ᠎ᠡ ᠪᠦᠲᠦᠮᠵᠢ ᠶᠢ ᠪᠡᠶᠡᠯᠡᠭᠦᠯᠬᠦ ᠶᠢ ᠬᠦᠴᠦ ᠪᠠᠨ ᠬᠠᠮᠲᠤᠳᠬᠠᠨ ᠪᠠᠲᠤᠯᠠᠬᠤ ᠬᠡᠷᠡᠭᠲᠡᠢ | ᠃ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ ᠶᠢ ᠱᠠᠯᠠᠪᠳᠠᠭᠤᠯᠤᠨ ᠰᠢᠢᠳᠪᠦᠷᠢᠯᠡᠬᠦ ᠲᠠᠯ᠎ᠠ ᠪᠠᠷ ᠦᠷᠭᠦᠯᠵᠢᠯᠡᠨ | ᠬᠦᠴᠦᠯᠡᠵᠦ᠂ ︽ᠨᠠᠮ ᠵᠠᠰᠠᠭ ᠤᠨ ᠤᠳᠤᠷᠢᠳᠤᠯᠭ᠎ᠠ ᠲᠦᠷᠦᠭᠦᠯᠡᠨ ᠳᠠᠭᠠᠭᠤᠯᠤᠨ ᠰᠢᠢᠳᠪᠦᠷᠢᠯᠡᠬᠦ᠂ ᠤᠯᠤᠰ | ᠲᠦᠷᠦ ᠶᠢᠨ ᠵᠥᠪᠯᠡᠯᠭᠡᠨ ᠤ ᠤᠳᠤᠷᠢᠳᠤᠯᠭ᠎ᠠ ᠲᠦᠷᠦᠭᠦᠯᠡᠨ ᠱᠠᠯᠠᠪᠳᠠᠭᠤᠯᠤᠨ ᠰᠢᠢᠳᠪᠦᠷᠢᠯᠡᠬᠦ︾ ᠭᠤᠣᠯᠳᠠᠯᠭ᠎ᠠ ᠲᠠᠢ | ᠰᠠᠨᠠᠯ ᠳᠤᠷᠠᠳᠤᠯᠭ᠎ᠠ ᠶᠢᠨ ᠲᠦᠷᠢᠮ ᠢ ᠦᠷᠭᠦᠯᠵᠢᠯᠡᠨ ᠪᠠᠷᠢᠮᠲᠠᠯᠠᠵᠤ᠂ ᠰᠠᠨᠠᠯ ᠳᠤᠷᠠᠳᠤᠯᠭ᠎ᠠ ᠶᠢ ᠨᠠᠶᠢᠳᠠᠪᠤᠷᠢᠵᠢᠭᠤᠯᠬᠤ | ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠦᠷ᠎ᠡ | ᠪᠦᠲᠦᠭᠡᠯ ᠢ ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠰᠠᠨᠠᠯ ᠳᠤᠷᠠᠳᠤᠯᠭ᠎ᠠ ᠶᠢᠨ | ᠤᠴᠢᠷ ᠰᠢᠯᠲᠠᠭᠠᠨ ᠢ ᠭᠦᠢᠴᠡᠳ ᠣᠶᠢᠯᠠᠭᠠᠵᠤ᠂ ᠰᠠᠨᠠᠯ ᠳᠤᠷᠠᠳᠤᠯᠭ᠎ᠠ ᠶᠢᠨ ᠨᠠᠮ ᠵᠠᠰᠠᠭ ᠤᠨ ᠰᠢᠨᠵᠢᠯᠡᠬᠦ ᠤᠬᠠᠭᠠᠨᠴᠢ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠨ ᠨᠡᠮᠡᠷᠢᠯᠡᠬᠦ ᠦᠢᠯᠡᠳᠦᠯ ᠢ ᠦᠨᠡᠨ ᠬᠦ | ᠪᠠᠳᠠᠷᠠᠭᠤᠯᠵᠤ᠂ ᠡᠯ᠎ᠡ ᠪᠠᠶᠢᠭᠤᠯᠭ᠎ᠠ ᠨᠢᠭᠡᠴᠢ ᠶᠢᠨ ᠬᠤᠭᠤᠷᠣᠨᠳᠣᠬᠢ ᠬᠠᠷᠢᠯᠴᠠᠭ᠎ᠠ ᠪᠠ ᠬᠠᠮᠵᠢᠯᠴᠠᠭ᠎ᠠ ᠶᠢ | ᠴᠢᠩᠭᠠᠳᠬᠠᠵᠤ᠂ ᠰᠢᠢᠳᠪᠦᠷᠢᠯᠡᠬᠦ ᠬᠠᠮᠲᠤᠷᠠᠯ ᠬᠦᠴᠦᠨ ᠢ ᠪᠦᠷᠢᠯᠳᠦᠭᠦᠯᠵᠦ᠂ ᠰᠢᠢᠳᠪᠦᠷᠢᠯᠡᠬᠦ ᠠᠵᠢᠯ ᠢ ᠡᠮᠬᠢ | ᠵᠢᠷᠤᠮ ᠲᠠᠢ ᠠᠬᠢᠭᠤᠯᠬᠤ ᠶᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ | ᠤᠯᠠᠭᠠᠨᠬᠤᠲᠠ ᠶᠢᠨ ᠬᠠᠭᠤᠳᠠᠰᠤ ᠶᠢ ᠪᠢᠴᠢᠭᠯᠡᠬᠦ ᠳᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠬᠦᠴᠦᠨ | ᠴᠢᠳᠠᠯ ᠢ ᠬᠤᠷᠠᠮᠳᠤᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠳᠡᠭᠡᠷ᠎ᠡ ︽ᠤᠯᠠᠭᠠᠨᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠲᠠᠪᠤᠳᠤᠭᠠᠷ | ᠬᠤᠭᠤᠴᠠᠭᠠᠨ ᠤ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠱᠠᠭᠠᠷᠳᠠᠯᠭ᠎ᠠ︾ ᠶᠢ | ᠤᠩᠰᠢᠨ ᠨᠡᠶᠢᠲᠡᠯᠡᠪᠡ᠃ | | | | | |