ᠬᠡᠪ ᠵᠠᠩᠰᠢᠯ ᠢ ᠥᠭᠡᠷᠡᠴᠢᠯᠡᠵᠦ ᠬᠦᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2025/5/16
        ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠠᠭ ᠦᠶ᠎ᠡ ᠶᠢᠨ ᠤᠷᠤᠰᠬᠠᠯ ᠳᠤᠮᠳᠠ᠂ ᠤᠯᠠᠭᠠᠨᠬᠤᠲᠠ ᠬᠡᠪ ᠵᠠᠩᠰᠢᠯ ᠢ ᠥᠭᠡᠷᠡᠴᠢᠯᠡᠬᠦ ᠪᠠᠷ ᠴᠢᠬᠤᠯᠠ ᠰᠢᠪᠲᠤᠯᠤᠯᠲᠠ ᠶᠢᠨ ᠴᠡᠭ ᠪᠣᠯᠭᠠᠵᠤ᠂ ᠬᠠᠭᠤᠴᠢᠨ ᠶᠣᠰᠣ ᠪᠦᠳᠦᠭᠦᠯᠢᠭ ᠵᠠᠩᠰᠢᠯ ᠢ ᠲᠠᠶᠠᠭᠳᠠᠵᠤ᠂ ᠪᠣᠯᠪᠠᠰᠤᠨ ᠤ ᠰᠢᠮᠡᠲᠦ ᠬᠥᠷᠥᠰᠥ ᠶᠢ ᠵᠤᠵᠠᠭᠠᠳᠬᠠᠵᠤ᠂ ᠪᠣᠯᠪᠠᠰᠤᠨ ᠰᠢᠨ᠎ᠡ ᠰᠤᠷᠲᠠᠯ ᠢ ᠤᠷᠢᠬᠠᠨ ᠰᠠᠯᠬᠢ ᠰᠢᠭ᠋ ᠤᠯᠠᠭᠠᠠᠬᠤᠲᠠ ᠶᠢᠨ ᠡᠬᠡ ᠭᠠᠵᠠᠷ ᠢ ᠰᠢᠮᠡᠵᠢᠭᠦᠯᠵᠡᠢ᠃        ᠬᠠᠭᠤᠴᠢᠨ ᠢ ᠡᠪᠳᠡᠵᠦ ᠰᠢᠨ᠎ᠡ ᠶᠢ ᠪᠣᠢ ᠪᠣᠯᠭᠠᠵᠤ ︽ᠲᠣᠪᠴᠢ ᠠᠪᠰᠠᠷᠬᠠᠨ ᠬᠤᠷᠢᠮ︾ ᠨᠢ ᠠᠯᠭᠤᠷ ᠢᠶᠠᠷ ᠰᠢᠨ᠎ᠡ ᠰᠤᠷᠲᠠᠯ ᠪᠣᠯᠪᠠ        ᠣᠶᠢᠷ᠎ᠠ ᠳᠤ᠂ ᠢᠯᠠᠯᠲᠠ ᠪᠠᠯᠭᠠᠰᠤᠨ ᠤ ᠢᠯᠠᠯᠲᠠ ᠭᠠᠴᠠᠭᠠᠨ ᠳᠤ᠂ ︽ᠪᠣᠭᠲᠣᠯᠠᠬᠤ ᠪᠡᠯᠡᠭ ᠠᠪᠬᠤ ᠦᠭᠡᠢ ︾᠂ ︽10 ᠰᠢᠷᠡᠭᠡ ᠲᠠᠯᠪᠢᠬᠤ︾ ᠬᠤᠷᠢᠮ ᠨᠢ ᠣᠯᠠᠨ ᠤ ᠲᠠᠭᠠᠰᠢᠶᠠᠯ ᠢ ᠣᠯᠪᠠ᠃ ᠭᠠᠴᠠᠭᠠᠨ ᠤ ᠠᠷᠠᠳ ᠰᠢᠨ ᠰᠢᠶᠠᠩ ᠴᠦᠨ ᠥᠬᠢᠨ ᠪᠠᠶ ᠶᠠᠨ ᠶᠠᠩ ᠨᠢ ᠤᠷᠤᠭᠯᠠᠬᠤ ᠳᠤ ᠪᠣᠭᠲᠣᠯᠠᠬᠤ ᠪᠡᠯᠡᠭ ᠠᠪᠤᠭᠰᠠᠨ ᠦᠭᠡᠢ ᠮᠦᠷᠲᠡᠭᠡᠨ ᠪᠠᠰᠠ 5 ᠲᠦᠮᠡᠨ ᠲᠥᠭᠦᠷᠢᠭ ᠥᠭᠴᠦ ᠭᠡᠷ ᠪᠦᠯᠢ ᠶᠢ ᠳᠡᠮᠵᠢᠵᠡᠶ᠃ ︽ᠪᠣᠭᠲᠣᠯᠠᠬᠤ ᠪᠡᠯᠡᠭ ᠨᠢ ᠳᠠᠷᠤᠢ ᠨᠢᠭᠡ ᠬᠡᠯᠪᠡᠷᠢ ᠮᠥᠨ᠂ ᠥᠭᠬᠦ ᠡᠰᠡᠬᠦ ᠨᠢ ᠨᠢ ᠲᠡᠶᠢᠮᠦ ᠴᠢᠬᠤᠯᠠ ᠪᠢᠰᠢ᠂ ᠬᠤᠶᠠᠭᠤᠯᠠ ᠪᠠᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠬᠦᠰᠡᠵᠦ ᠪᠠᠶᠢᠨ᠎ᠠ︾ ᠭᠡᠵᠦ ᠰᠢᠨ ᠰᠢᠶᠠᠩ ᠴᠦᠨ ᠬᠡᠯᠡᠪᠡ᠃   
1.jpg 
        ᠣᠶᠢᠷ᠎ᠠ ᠶᠢᠨ ᠵᠢᠯ ᠳᠤ᠂ ᠤᠯᠠᠭᠠᠨᠬᠤᠲᠠ ᠥᠨᠳᠥᠷ ᠪᠣᠭᠲᠣᠯᠠᠬᠤ ᠪᠡᠯᠡᠭ᠂ ᠨᠠᠶᠢᠷ ᠲᠠᠯ᠎ᠠ ᠠᠳᠠᠯᠢᠳᠬᠠᠬᠤ᠂ ᠱᠠᠯᠢᠨ ᠪᠦᠷᠢᠯᠭᠡᠬᠦ ᠵᠡᠷᠭᠡ ᠠᠰᠠᠭᠤᠳᠠᠯ ᠤᠨ ᠵᠠᠰᠠᠯᠲᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠵᠠᠩ ᠳᠠᠳᠬᠠᠯ ᠢ ᠥᠭᠡᠷᠡᠴᠢᠯᠡᠬᠦ ︽ᠨᠢᠭᠡ ᠶᠢ ᠪᠣᠯᠵᠤᠨ ᠭᠤᠷᠪᠠ ᠶᠢ ᠬᠠᠪᠰᠤᠷᠴᠤ ᠲᠠᠪᠤ ᠶᠢ ᠰᠠᠨᠠᠭᠠᠴᠢᠯᠠᠬᠤ︾ ᠠᠵᠢᠯ ᠤᠨ ᠠᠷᠭ᠎ᠠ ᠶᠢ ᠰᠤᠳᠤᠯᠤᠨ ᠲᠣᠭᠲᠠᠭᠠᠪᠠ᠃ ᠣᠷᠤᠰᠢᠭᠤᠯᠭ᠎ᠠ ᠪᠣᠯᠤᠨ ᠬᠤᠷᠢᠮ ᠬᠤᠷᠠᠯ ᠤᠨ ᠶᠠᠪᠤᠳᠠᠯ ᠢ ︽ᠭᠠᠴᠠᠭ᠎ᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ ︾ ᠳᠤ ᠣᠷᠣᠭᠤᠯᠵᠤ᠂ ᠣᠷᠤᠰᠢᠭᠤᠯᠭ᠎ᠠ ᠪᠣᠯᠤᠨ ᠬᠤᠷᠢᠮ ᠬᠤᠷᠠᠯ ᠤᠨ ᠶᠠᠪᠤᠳᠠᠯ ᠤᠨ ︽ᠶᠠᠪᠤᠳᠠᠯ ᠤᠨ ᠡᠮᠦᠨᠡᠬᠢ︾᠂ ︽ᠶᠠᠪᠤᠳᠠᠯ ᠤᠨ  ᠳᠤᠮᠳᠠᠬᠢ︾᠂ ︽ᠶᠠᠪᠤᠳᠠᠯ ᠤᠨ ᠳᠠᠷᠠᠭᠠᠬᠢ︾ ᠰᠠᠶᠢᠨ ᠳᠤᠷ᠎ᠠ ᠶᠢᠨ ᠦᠢᠯᠡᠴᠢᠯᠡᠭᠡ ᠶᠢ ᠥᠷᠨᠢᠭᠦᠯᠬᠦ ᠶᠢᠨ ᠬᠠᠮᠲᠤ ᠪᠣᠭᠲᠣᠯᠠᠬᠤ ᠪᠡᠯᠡᠭ ᠤᠨ ᠵᠣᠭᠤᠰ ᠤᠨ ᠲᠤᠭ᠎ᠠ᠂ ᠠᠷᠢᠬᠢᠨ ᠰᠢᠷᠡᠭᠡᠨ ᠤ ᠲᠤᠭ᠎ᠠ ᠵᠡᠷᠭᠡ ᠲᠠᠪᠤᠨ ᠪᠠᠷᠢᠮᠵᠢᠶ᠎ᠠ ᠶᠢ ᠲᠣᠳᠣᠷᠬᠠᠶᠢᠯᠠᠨ᠂ ᠭᠠᠴᠠᠭ᠎ᠠ ᠲᠣᠰᠬᠤᠨ ᠤ ︽ᠣᠷᠤᠰᠢᠭᠤᠯᠭ᠎ᠠ ᠪᠣᠯᠤᠨ ᠬᠤᠷᠢᠮ ᠬᠤᠷᠠᠯ ᠤᠨ ᠶᠠᠪᠤᠳᠠᠯ ᠤᠨ ᠡᠷᠬᠢᠯᠡᠭᠴᠢᠳ ᠤᠨ ᠬᠤᠷᠠᠯ︾ ᠬᠢᠭᠡᠳ ︽ᠪᠣᠯᠪᠠᠰᠤᠨ ᠪᠦᠯᠬᠦᠮᠳᠡᠯ ᠤᠨ ᠴᠢᠯᠦᠭᠡᠲᠦ ᠳᠡᠯᠭᠡᠭᠦᠷ︾ ᠢ ᠠᠰᠢᠭᠯᠠᠵᠤ᠂ ᠲᠣᠰᠬᠤᠨ ᠤ ᠠᠷᠠᠳ ᠤᠨ ᠦᠢᠯᠡ ᠠᠵᠢᠯᠯᠠᠭ᠎ᠠ ᠶᠢ ᠪᠦᠲᠦᠮᠵᠢᠲᠡᠶ ᠬᠢᠵᠠᠭᠠᠷᠯᠠᠬᠤ ᠪᠠ ᠵᠥᠪ ᠴᠢᠭᠯᠡᠯ ᠢᠶᠠᠷ ᠤᠷᠮᠠᠰᠢᠭᠤᠯᠬᠤ ᠶᠢ ᠦᠨᠡᠨ ᠬᠦ ᠪᠡᠶᠡᠯᠡᠭᠦᠯᠵᠦ᠂ ᠣᠷᠤᠰᠢᠭᠤᠯᠭ᠎ᠠ ᠪᠣᠯᠤᠨ ᠬᠤᠷᠢᠮ ᠬᠤᠷᠠᠯ ᠤᠨ ᠶᠠᠪᠤᠳᠠᠯ ᠢ ᠬᠠᠮᠢᠶᠠᠷᠬᠤ ᠬᠥᠮᠦᠨ ᠲᠠᠢ᠂ ᠡᠷᠬᠢᠯᠡᠨ ᠬᠢᠬᠦ ᠲᠦᠷᠢᠮ ᠲᠠᠢ᠂ ᠰᠢᠨ᠎ᠡ ᠰᠤᠷᠲᠠᠯ ᠢᠶᠠᠷ ᠡᠷᠬᠢᠯᠡᠬᠦ ᠳᠤ ᠱᠠᠩᠨᠠᠯ ᠲᠠᠢ ᠪᠠᠶᠢᠬᠤ ᠶᠢ ᠦᠨᠡᠨ ᠬᠦ ᠪᠡᠶᠡᠯᠡᠭᠦᠯᠵᠡᠢ᠃        ᠣᠳᠣᠬᠠᠨ ᠳᠤ᠂ ︽ᠪᠠᠭ᠎ᠠ ᠪᠣᠭᠲᠣᠯᠠᠬᠤ ᠪᠡᠯᠡᠭ︾ ︽ᠪᠠᠭ᠎ᠠ ᠬᠡᠪᠴᠢᠶ᠎ᠡ ᠪᠠᠷ ᠰᠢᠷᠡᠭᠡ ᠵᠠᠰᠠᠬᠤ︾ ᠨᠢ ᠠᠭᠠᠵᠢᠮ ᠢᠶᠠᠷ ᠣᠯᠠᠨ ᠲᠦᠮᠡᠨ ᠤ ᠬᠠᠮᠲᠤ ᠶᠢᠨ ᠲᠠᠨᠢᠯᠲᠠ ᠪᠣᠯᠵᠤ᠂ ᠵᠣᠯ ᠵᠢᠷᠭᠠᠯᠲᠤ ᠠᠮᠢᠳᠤᠷᠠᠯ ᠳᠤ ᠥᠩᠭᠡ ᠪᠣᠳᠤᠭ ᠨᠡᠮᠡᠷᠢᠯᠡᠵᠦ᠂ ᠨᠡᠩ ᠴᠦ ᠵᠠᠯᠠᠭᠤᠴᠤᠳ ᠤᠨ ᠬᠦᠷᠢᠶᠡᠯᠡᠯ ᠢ ᠣᠯᠬᠤ ᠪᠣᠯᠵᠠᠢ᠃        ᠤᠯᠠᠭᠠᠨᠬᠤᠲᠠ ᠥᠪᠡᠷᠲᠡᠭᠡᠨ ᠵᠠᠰᠠᠬᠤ ᠣᠷᠣᠨ ᠤ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠬᠤᠲᠠ ᠪᠣᠯᠤᠭᠰᠠᠨ ᠤ ᠬᠤᠪᠢ ᠳᠤ᠂ ᠤᠷᠤᠭ ᠤᠨ ᠵᠠᠩ ᠳᠠᠳᠬᠠᠯ ︽-︾ ᠵᠣᠯ ᠵᠢᠷᠭᠠᠯᠳᠤ ︽+︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠺᠠᠷᠲ᠋ᠣᠨ ᠳᠦᠷᠢ ᠲᠥᠷᠬᠦ ᠶᠢᠨ ᠡᠯᠴᠢ ︽ᠬᠤᠩ ᠬᠤᠩ︾᠂ ︽ᠶᠠᠨ ᠶᠠᠨ︾ ᠢ ᠨᠡᠶᠢᠲᠡᠯᠡᠵᠦ᠂ ︽520︾ ᠨᠡᠶᠢᠲᠡ ᠶᠢᠨ ᠮᠠᠰᠢᠨ ᠲᠡᠷᠭᠡᠨ ᠤ ᠤᠷᠤᠭ ᠤᠨ ᠬᠡᠷᠡᠭᠴᠡᠭᠡᠨ ᠤ ᠦᠢᠯᠡᠴᠢᠯᠡᠭᠡ ᠶᠢ ᠨᠡᠪᠲᠡᠷᠡᠭᠦᠯᠵᠦ᠂ ᠤᠷᠢᠳ ᠬᠤᠵᠢᠳ ︽ᠳᠤᠮᠳᠠᠳᠤ ᠮᠠᠶ᠋ᠢᠭ︾᠂ ︽ᠬᠤᠪᠢᠰᠬᠠᠯᠲᠤ ᠮᠠᠶ᠋ᠢᠭ︾ ᠵᠡᠷᠭᠡ ᠭᠤᠤᠯ ᠰᠡᠳᠦᠪᠲᠦ ᠬᠠᠮᠲᠤ ᠶᠢᠨ ᠬᠤᠷᠢᠮ ᠢ ᠡᠷᠭᠢᠯᠡᠵᠦ᠂ ᠵᠠᠯᠠᠭᠤᠴᠤᠳ ᠤᠨ ᠳᠤᠮᠳᠠ ᠴᠢᠩᠭ᠎ᠠ ᠲᠤᠰᠬᠠᠯ ᠭᠠᠷᠭᠠᠵᠤ᠂ ᠥᠷᠭᠡᠨ ᠣᠯᠠᠨ ᠲᠦᠮᠡᠨ ᠳᠤ ᠬᠤᠷᠢᠮ ᠤᠨ ᠶᠠᠪᠤᠳᠠᠯ ᠤᠨ ᠶᠠᠪᠤᠴᠠ ᠳᠠᠬᠢ ᠰᠢᠨ᠎ᠡ ᠴᠠᠭ ᠦᠶ᠎ᠡ ᠶᠢᠨ ᠤᠷᠤᠭ ᠤᠨ ᠬᠡᠪ ᠵᠠᠩᠰᠢᠯ ᠢ ᠮᠡᠳᠡᠷᠡᠭᠦᠯᠪᠡ᠃        ᠳᠠᠶᠢᠴᠢᠯᠠᠨ ᠵᠢᠯᠤᠭᠤᠳᠬᠤ ᠶᠢ ᠴᠢᠬᠤᠯᠠᠴᠢᠯᠠᠵᠤ ᠨᠤᠲᠤᠭ ᠤᠨ ᠵᠠᠩ ᠰᠤᠷᠲᠠᠯ ᠤᠨ ᠪᠣᠯᠪᠠᠰᠤᠨ ᠤ ᠰᠢᠨ᠎ᠡ ᠤᠳᠤᠷᠢᠳᠤᠮᠵᠢ ᠶᠢ ᠪᠠᠬᠢᠵᠢᠭᠦᠯᠪᠡ        ᠬᠡᠷᠪᠡ ᠪᠣᠯᠪᠠᠰᠤᠨ ᠰᠢᠨ᠎ᠡ ᠰᠤᠷᠲᠠᠯ ᠢ ᠬᠥᠳᠡᠭᠡ ᠲᠣᠰᠬᠤᠨ ᠳᠤ ᠯᠠᠪᠳᠠᠭᠤᠨ ᠪᠠᠲᠤᠲᠠᠢ ᠦᠨᠳᠦᠰᠦᠯᠡᠭᠦᠯᠬᠦ  ᠶᠢᠨ ᠵᠠᠩᠭᠢᠯᠠᠭ᠎ᠠ ᠨᠢ ᠬᠡᠪ ᠵᠠᠩᠰᠢᠯ ᠢ ᠥᠭᠡᠷᠡᠴᠢᠯᠡᠬᠦ ᠶᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠠᠪᠤᠳᠠᠯ ᠪᠣᠯᠤᠨ᠎ᠠ᠃ ᠤᠯᠠᠭᠠᠨᠬᠤᠲᠠ ᠤᠬᠠᠭᠤᠯᠭ᠎ᠠ ᠬᠥᠮᠦᠵᠢᠯ ᠤᠨ ᠬᠡᠯᠪᠡᠷᠢ ᠶᠢᠨ ᠠᠷᠭ᠎ᠠ ᠪᠠᠷᠢᠯ ᠤᠨ ᠰᠢᠨ᠎ᠡ ᠶᠢ ᠡᠭᠦᠳᠴᠦ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ︽ᠵᠢᠵᠢᠭ ᠫᠷᠤᠭ᠍ᠷᠠᠮ ︾᠂ ︽ᠣᠬᠤᠷ ᠸᠢᠳᠢᠣ᠋︾᠂ ︽ᠲᠣᠰᠬᠤᠨ ᠤ ᠷᠠᠳᠢᠣ᠋ ᠨᠡᠪᠲᠡᠷᠡᠭᠦᠯᠭᠡ︾ ᠶᠢ ᠠᠰᠢᠭᠯᠠᠵᠤ᠂ ᠪᠣᠯᠪᠠᠰᠤᠨ ᠰᠢᠨ᠎ᠡ ᠬᠡᠪ ᠰᠤᠷᠲᠠᠯ ᠤᠨ ᠦᠷ᠎ᠡ ᠶᠢ ᠠᠷᠠᠳ ᠤᠨ ᠰᠡᠳᠬᠢᠯ ᠳᠤ ᠰᠠᠴᠤᠪᠠ᠃  
2.jpg
          ᠤᠯᠠᠭᠠᠨᠬᠤᠲᠠ ︽ᠬᠤᠯᠪᠣᠭ᠎ᠠ︾᠂ ︽ᠴᠠᠷᠭᠢᠯ ᠬᠠᠪᠲᠠᠰᠤ︾ ᠵᠡᠷᠭᠡ ᠣᠯᠠᠨ ᠲᠦᠮᠡᠨ ᠤ ᠰᠠᠭᠤᠷᠢ ᠥᠷᠭᠡᠨ ᠳᠡᠯᠭᠡᠷ᠂ ᠰᠤᠷᠤᠯᠴᠠᠵᠤ ᠲᠣᠭᠯᠠᠯᠲᠠ ᠭᠠᠷᠭᠠᠬᠤ ᠳᠤ ᠳᠦᠭᠦᠮ ᠲᠣᠭᠯᠠᠯᠲᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ᠂ ᠬᠤᠷᠢᠮ ᠪᠡᠯᠪᠡᠰᠦᠷᠡᠯ ᠤᠨ ᠵᠠᠩ ᠦᠢᠯᠡ᠂ ︽ᠲᠣᠰᠬᠤᠨ ᠤ ᠲᠦᠷᠢᠮ ᠠᠷᠠᠳ ᠤᠨ ᠭᠡᠷ᠎ᠡ︾ ᠵᠡᠷᠭᠡ ᠭᠤᠤᠯ ᠰᠡᠳᠦᠪᠲᠦ ᠠᠭᠤᠯᠭ᠎ᠠ ᠶᠢᠨ ᠲᠣᠭᠤᠷᠢᠨ ᠳᠤ᠂ ᠴᠠᠷᠭᠢᠯ ᠬᠤᠯᠪᠣᠭ᠎ᠠ ︽ᠰᠢᠨ᠎ᠡ ᠶᠠᠪᠤᠳᠠᠯ ᠢ ᠰᠢᠨ᠎ᠡ ᠪᠠᠷ ᠡᠷᠭᠢᠯᠡᠵᠦ ᠠᠷᠪᠢᠯᠠᠨ ᠭᠠᠮᠨᠠᠬᠤ ᠶᠢ ᠡᠷᠬᠢᠮᠯᠡᠨᠡᠮ︾᠂ ᠱᠤᠭ ᠵᠦᠴᠦᠭᠡ ︽ᠵᠣᠯ ᠵᠢᠷᠭᠠᠯ ᠤᠨ ᠲᠦᠷᠭᠡᠨ ᠲᠡᠷᠭᠡ︾᠂ ᠬᠤᠯᠪᠣᠭ᠎ᠠ ︽ᠦᠵᠡᠰᠬᠦᠯᠡᠩᠲᠦ ᠰᠠᠶᠢᠬᠠᠨ ᠲᠣᠰᠬᠤᠨ︾ ᠵᠡᠷᠭᠡ 30 ᠭᠠᠷᠤᠶ ᠠᠩᠬᠠᠨ ᠤ ᠪᠦᠲᠦᠭᠡᠯ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠥᠳᠡᠭᠡ ᠲᠣᠰᠬᠤᠨ ᠤ ᠬᠡᠪ ᠵᠠᠩᠰᠢᠯ ᠢ ᠥᠭᠡᠷᠡᠴᠢᠯᠡᠬᠦ ᠠᠮᠢᠳᠤᠷᠠᠯ ᠤᠨ ᠪᠠᠶᠢᠳᠠᠯ ᠢ ᠢᠯᠡᠷᠡᠭᠦᠯᠵᠦ᠂ ᠨᠤᠲᠤᠭ ᠤᠨ ᠪᠣᠯᠪᠠᠰᠤᠨ ᠵᠠᠩ ᠰᠤᠷᠲᠠᠯ ᠢᠶᠠᠷ ᠬᠥᠮᠦᠰ ᠤᠨ ᠰᠡᠳᠬᠢᠯ ᠢ ᠤᠮᠳᠠᠯᠠᠭᠤᠯᠪᠠ᠃        ᠡᠭᠦᠨ ᠤ ᠬᠠᠮᠲᠤ᠂ ᠪᠥᠬᠦ ᠬᠤᠲᠠ ᠳᠤ ︽ᠬᠡᠪ ᠵᠠᠩᠰᠢᠯ ᠢ ᠥᠭᠡᠷᠡᠴᠢᠯᠡᠬᠦ ᠵᠢᠵᠢᠭ ᠲᠢᠶᠠᠲᠷ︾ ᠢ ᠳᠡᠯᠭᠡᠷᠡᠭᠦᠯᠵᠦ᠂ ᠡᠯ᠎ᠡ ᠪᠠᠯᠭᠠᠰᠤ ᠵᠡᠭᠡᠯᠢ ᠶᠢ ᠵᠣᠬᠢᠶᠠᠨ ᠪᠠᠶᠢᠭᠤᠯᠤᠨ ᠣᠬᠤᠷ ᠸᠢᠳᠢᠣ᠋ ᠨᠠᠶᠢᠷᠠᠭᠤᠯᠵᠤ᠂ ᠸᠢᠴᠠᠲ ᠤᠨ ᠨᠡᠶᠢᠲᠡ ᠶᠢᠨ ᠳ᠋ᠤᠭᠠᠷ᠂ ᠹᠢᠯᠢᠮ ᠤᠨ ᠳ᠋ᠤᠭᠠᠷ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠨ ᠤᠬᠠᠭᠤᠯᠭ᠎ᠠ ᠬᠢᠪᠡ᠃ ᠣᠳᠣᠬᠠᠨ ᠳᠤ᠂ ︽ᠶᠡᠭᠡ ᠬᠡᠮᠵᠢᠶᠡᠨ ᠤ ᠪᠣᠭᠲᠤᠯᠠᠬᠤ ᠪᠡᠯᠡᠭ ᠢ ᠲᠡᠪᠴᠢᠵᠦ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠶ᠎ᠠ︾ ᠵᠡᠷᠭᠡ ᠣᠯᠠᠨ ᠬᠤᠭᠤᠴᠠᠭᠠᠨ ᠤ ᠠᠭᠤᠯᠭ᠎ᠠ ᠶᠢ ᠰᠢᠩᠭᠡᠭᠡᠵᠡᠢ᠃        ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ ᠪᠣᠯᠪᠠᠰᠤᠨ ᠤ ᠦᠢᠯᠡᠳᠦᠯᠭᠡ ᠶᠢᠨ ᠰᠢᠨ᠎ᠡ ᠲᠠᠪᠴᠠᠩ ᠢ ᠪᠠᠶᠢᠭᠤᠯᠪᠠ        ᠡᠨᠡ ᠬᠦ ᠬᠡᠷᠡᠭ ᠤᠨ ᠵᠢᠱᠢᠶ᠎ᠡ ᠨᠢ ᠪᠢᠳᠡᠨ ᠢ ᠰᠡᠷᠡᠮᠵᠢᠯᠡᠭᠦᠯᠵᠦ ᠪᠣᠢ᠂ ᠠᠮᠢᠳᠤᠷᠠᠯ ᠤᠨ ᠳᠤᠮᠳᠠ ᠰᠢᠨᠵᠢᠯᠡᠬᠦ ᠤᠬᠠᠭᠠᠨᠴᠢ ᠪᠥᠭᠡᠳ ᠣᠶᠤᠨᠴᠢ ᠠᠷᠢᠬᠢ ᠤᠤᠭᠤᠬᠤ ᠦᠵᠡᠯᠲᠡ ᠶᠢ ᠪᠤᠢ ᠪᠣᠯᠭᠠᠵᠤ᠂ ᠠᠷᠢᠬᠢ ᠪᠠᠭ᠎ᠠ ᠤᠤᠭᠤᠬᠤ ᠪᠣᠶᠤ ᠠᠯᠢ ᠴᠢᠳᠠᠬᠤ ᠪᠠᠷ ᠤᠤᠭᠤᠬᠤ ᠦᠭᠡᠢ ᠪᠠᠶᠢᠬᠤ ᠬᠡᠷᠡᠭᠲᠡᠢ᠂ ᠡᠭᠦᠨ ᠤ ᠬᠠᠮᠲᠤ ᠬᠠᠤᠯᠢ ᠪᠠᠷ ᠵᠠᠰᠠᠬᠤ ᠦᠵᠡᠯᠲᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠤᠯᠠᠨ ᠢ ᠴᠤᠭᠯᠠᠭᠤᠯᠤᠨ ᠵᠣᠭᠤᠰ ᠨᠠᠭᠠᠳᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠤᠯᠠᠭᠠᠨᠬᠠᠳᠠ ᠪᠠᠯᠭᠠᠰᠤᠨ ᠤ ᠰᠠᠨ ᠾᠧ ᠲᠣᠰᠬᠤᠨ ᠤ ᠪᠣᠯᠪᠠᠰᠤᠨ ᠤ ᠦᠢᠯᠡᠳᠦᠯᠭᠡ ᠶᠢᠨ ᠬᠦᠷᠢᠶᠡᠨ ᠳᠤ᠂ ᠰᠠᠶᠢᠨ ᠳᠤᠷ᠎ᠠ ᠶᠢᠨ ᠦᠢᠯᠡᠴᠢᠯᠡᠭᠴᠢ ᠸᠠᠩ ᠶᠠᠨ ᠬᠠᠨ ᠶᠠᠭ ᠵᠠᠩ ᠳᠠᠳᠬᠠᠯ ᠢ ᠥᠭᠡᠷᠡᠴᠢᠯᠡᠬᠦ ᠶᠢ ᠡᠷᠦᠬᠡ ᠳᠤ ᠣᠷᠣᠭᠤᠯᠵᠤ ᠤᠬᠠᠭᠤᠯᠤᠨ ᠲᠠᠶᠢᠯᠪᠤᠷᠢᠯᠠᠵᠤ᠂ ᠪᠠᠰᠠ ᠬᠡᠪ ᠵᠠᠩᠰᠢᠯ ᠢ ᠥᠭᠡᠷᠡᠴᠢᠯᠡᠨ ᠠᠷᠪᠠ ᠶᠢ ᠡᠰᠡᠷᠭᠦᠴᠡᠨ ᠬᠤᠷᠢᠭᠯᠠᠵᠤ᠂ ᠠᠷᠪᠠ ᠶᠢ ᠰᠠᠨᠠᠭᠠᠴᠢᠯᠠᠬᠤ ᠠᠭᠤᠯᠭ᠎ᠠ ᠲᠠᠢ ᠬᠤᠷᠮᠦ᠋ᠢᠪᠴᠢ ᠪᠠᠩᠵᠠᠯ᠂ ᠠᠯᠴᠢᠭᠤᠷ ᠵᠡᠷᠭᠡ ᠵᠢᠵᠢᠭ ᠪᠡᠯᠡᠭ ᠢ ᠭᠠᠴᠠᠭ᠎ᠠ ᠲᠣᠰᠬᠤᠨ ᠤ ᠠᠷᠠᠳ ᠲᠤ ᠲᠠᠷᠬᠠᠭᠠᠵᠤ ᠪᠠᠶᠢᠯ᠎ᠠ᠃  
3.jpg
          ᠣᠯᠠᠨ ᠲᠦᠮᠡᠨ ᠢ ᠳᠠᠶᠢᠴᠢᠯᠠᠨ ᠵᠢᠯᠣᠭᠤᠳᠴᠤ ᠬᠠᠭᠤᠴᠢᠨ ᠵᠠᠩ ᠳᠠᠳᠬᠠᠯ ᠢ ᠤᠬᠠᠮᠰᠠᠷ ᠠᠴᠠ ᠪᠠᠨ ᠡᠰᠡᠷᠭᠦᠴᠡᠵᠦ᠂ ᠰᠢᠨ᠎ᠡ ᠬᠡᠪ ᠰᠤᠷᠲᠠᠯ ᠢ ᠪᠠᠳᠠᠷᠠᠭᠤᠯᠬᠤ ᠶᠢᠨ ᠲᠥᠯᠥᠭᠡ᠂ 2023 ᠣᠨ ᠠᠴᠠ ᠨᠠᠭᠠᠰᠢ᠂ ᠤᠯᠠᠭᠠᠨᠬᠤᠲᠠ ᠭᠤᠤᠯᠳᠠᠯᠭ᠎ᠠ ᠲᠠᠢ ᠭᠠᠴᠠᠭ᠎ᠠ ᠲᠣᠰᠬᠤᠨ ᠪᠠᠯᠭᠠᠰᠤ ᠶᠢ ᠲᠦᠰᠢᠭᠯᠡᠨ 6 ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠬᠦᠷᠢᠶ᠎ᠡ︾ ᠪᠠᠶᠢᠭᠤᠯᠵᠤ᠂ 36 ᠵᠦᠢᠯ ᠤᠨ ᠪᠣᠯᠪᠠᠰᠤᠨ ᠤ ᠦᠢᠯᠡᠳᠦᠯᠭᠡ ᠶᠢᠨ ᠲᠥᠷᠥᠯ ᠵᠦᠢᠯ ᠢ ᠬᠦᠷᠢᠶ᠎ᠡ ᠳᠤ ᠣᠷᠣᠭᠤᠯᠤᠨ ᠠᠪᠴᠢᠷᠠᠵᠤ᠂ ︽ᠰᠣᠶᠣᠯ ᠤᠨ ᠭᠠᠴᠠᠭ᠎ᠠ ᠲᠣᠰᠬᠤᠨ ᠤ ᠳᠠᠷᠤᠭ᠎ᠠ︾᠂ ᠪᠠᠶᠠᠵᠢᠯ ᠤᠨ ᠳᠠᠭᠠᠭᠤᠯᠤᠭᠴᠢ ᠶᠢ ᠳᠠᠶᠢᠴᠢᠯᠠᠨ ︽ᠴᠢᠳᠠᠪᠤᠷᠢᠲᠠᠨ ᠤ ᠦᠢᠯᠡᠳᠦᠯ︾ ᠢ ᠪᠠᠳᠠᠷᠠᠭᠤᠯᠵᠤ᠂ ︽ᠬᠤᠨ ᠭᠠᠯᠠᠭᠤ ᠨᠣᠮ ᠤᠯᠠᠮᠵᠢᠯᠠᠬᠤ᠂ ᠰᠤᠷᠤᠯᠴᠠᠯᠭ᠎ᠠ ᠶᠢ ᠬᠡᠷ ᠲᠤᠨᠢ ᠬᠦᠷᠭᠡᠬᠦ︾᠂ ︽ᠬᠥᠳᠡᠭᠡ ᠲᠣᠰᠬᠤᠨ ᠳᠤ ᠬᠦᠰᠡᠯ ᠢᠶᠠᠨ ᠲᠡᠷᠭᠡᠯᠰᠢᠭᠦᠯᠬᠦ · ᠪᠢᠳᠡᠨ ᠤ ᠲᠠᠪᠴᠠᠩ︾ ᠵᠡᠷᠭᠡ ᠠᠵᠢᠯᠯᠠᠭ᠎ᠠ ᠶᠢᠨ ᠬᠡᠯᠪᠡᠷᠢ ᠲᠠᠢ ᠤᠶᠠᠯᠳᠤᠭᠤᠯᠤᠨ᠂ ᠡᠯ᠎ᠡ ᠭᠠᠴᠠᠭ᠎ᠠ ᠲᠣᠰᠬᠤᠨ ᠳᠤ ᠭᠦᠨᠵᠡᠭᠡᠶᠢᠷᠡᠨ ᠬᠡᠷ ᠤᠨ ᠰᠤᠷᠲᠠᠯ ᠭᠡᠷ ᠤᠨ ᠰᠤᠷᠭᠠᠯ᠂ ᠪᠣᠯᠪᠠᠰᠤᠨ ᠣᠷᠣᠰᠢᠭᠤᠯᠭ᠎ᠠ᠂ ᠤᠷᠤᠭ ᠬᠤᠷᠢᠮ ᠤᠨ ᠵᠠᠩᠰᠢᠯ ᠤᠨ ᠥᠭᠡᠷᠡᠴᠢᠯᠡᠯᠲᠡ ᠵᠡᠷᠭᠡ 210 ᠭᠠᠷᠤᠶ ᠲᠠᠯᠠᠪᠤᠷ ᠤᠳᠠᠭ᠎ᠠ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃ ︽ᠲᠥᠪ᠂ ᠭᠠᠵᠠᠷ᠂ ᠥᠷᠲᠡᠭᠡ᠂ ᠰᠠᠭᠤᠷᠢᠨ ᠭᠠᠵᠠᠷ᠂ ᠵᠢᠵᠢᠭ ᠬᠦᠷᠢᠶ᠎ᠡ︾ ᠲᠠᠪᠤᠨ ᠱᠠᠲᠤ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠭᠠᠴᠠᠭ᠎ᠠ ᠲᠣᠰᠬᠤᠨ ᠤ ᠠᠷᠠᠳ ᠲᠤ ᠬᠡᠷ ᠤᠨ ᠡᠭᠦᠳᠡᠨ ᠳᠠᠬᠢ ︽ᠣᠶᠤᠨ ᠰᠠᠨᠠᠭᠠᠨ ᠤ ᠬᠡᠷ ᠣᠷᠣᠨ︾ ᠢ ᠪᠠᠶᠢᠭᠤᠯᠵᠤ ᠥᠭᠴᠡᠶ᠃        ᠡᠳᠦᠭᠡ᠂ ᠤᠯᠠᠭᠠᠨᠬᠤᠲᠠ ᠠᠯᠢ ᠣᠯᠠᠨ ᠯᠠᠪᠳᠠᠭᠤᠨ ᠪᠠᠲᠤᠲᠠᠶ ᠪᠦᠲᠦᠮᠵᠢᠲᠡᠶ ᠠᠷᠭ᠎ᠠ ᠬᠡᠮᠵᠢᠶ᠎ᠡ ᠪᠠᠷ ᠳᠠᠮᠵᠢᠨ᠂ ᠬᠡᠪ ᠵᠠᠩᠰᠢᠯ ᠢ ᠥᠭᠡᠷᠡᠴᠢᠯᠡᠬᠦ ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠣᠯᠪᠠᠰᠤᠨ ᠰᠢᠨ᠎ᠡ ᠰᠤᠷᠲᠠᠯ ᠨᠢ ᠨᠢᠭᠡᠨᠲᠡ ᠲᠣᠰᠬᠤᠨ ᠤ ᠠᠷᠠᠳ ᠤᠨ ᠡᠳᠦᠷ ᠲᠤᠲᠤᠮ ᠤᠨ ᠠᠮᠢᠳᠤᠷᠠᠯ ᠳᠤ ᠭᠦᠨ ᠠᠭᠤᠰᠤᠯᠴᠠᠵᠤ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠵᠦ᠂ ᠪᠣᠯᠪᠠᠰᠤᠨ ᠡᠶ᠎ᠡ ᠵᠣᠬᠢᠴᠠᠩᠭᠤᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠠᠭᠤᠳᠠᠰᠤ ᠶᠢ ᠵᠢᠷᠤᠭᠯᠠᠪᠠ᠃ 
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号