ᠤᠯᠠᠭᠠᠨᠬᠤᠲᠠ ᠠᠵᠤ ᠠᠬᠤᠶᠢᠯᠠᠯ ᠤᠨ ᠬᠠᠮᠢᠶᠠᠷᠤᠯᠲᠠ ᠬᠢᠭᠡᠳ ᠰᠦᠯᠵᠢᠶᠡᠨ ᠳᠡᠭᠡᠷ᠎ᠡ ᠪᠤᠷᠤᠯᠠᠭᠤᠯᠵᠤ ᠦᠢᠯᠡᠰ ᠪᠣᠰᠬᠠᠬᠤ ᠱᠠᠯᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/16
        ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠢᠩᠭᠠᠨ ᠠᠶᠢᠮᠠᠭ ᠤᠨ ᠲᠣᠰ ᠭᠠᠵᠠᠷ ᠤᠨ ᠠᠵᠤ ᠠᠬᠤᠶᠢᠯᠠᠯ ᠪᠠ ᠦᠢᠯᠡᠰ ᠪᠣᠰᠬᠠᠭᠴᠢ ᠶᠢᠨ ᠰᠦᠯᠵᠢᠶᠡᠨ ᠳᠡᠭᠡᠷᠡᠬᠢ ᠡᠵᠡᠩᠨᠡᠨ ᠪᠣᠷᠣᠯᠠᠭᠤᠯᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠥᠪᠥᠷ ᠮᠣᠩᠭᠤᠯ ᠤᠨ ᠬᠤᠩ ᠴᠧᠩ ᠺᠠᠨ ᠵᠢᠶᠠᠨ ᠰᠣᠶᠣᠯ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠠᠵᠤ ᠠᠬᠤᠶᠢᠯᠠᠯ ᠤᠨ ᠬᠠᠮᠢᠶᠠᠷᠤᠯᠲᠠ ᠪᠠ ᠰᠦᠯᠵᠢᠶᠡᠨ ᠳᠡᠭᠡᠷ᠎ᠡ ᠪᠤᠷᠤᠯᠠᠭᠤᠯᠵᠤ ᠦᠢᠯᠡᠰ ᠪᠣᠰᠬᠠᠬᠤ ᠱᠠᠯᠤᠨ ᠠᠵᠢᠯᠯᠠᠭ᠎ᠠ ᠥᠷᠨᠢᠭᠦᠯᠵᠦ᠂ ᠬᠢᠩᠭᠠᠨ ᠠᠶᠢᠮᠠᠭ ᠤᠨ ᠲᠣᠰ ᠭᠠᠵᠠᠷ ᠤᠨ 30 ᠭᠠᠷᠤᠶ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ᠂ ᠬᠤᠳᠠᠯᠳᠤᠭᠠᠴᠢᠨ ᠵᠢᠴᠢ ᠦᠢᠯᠡᠰ ᠪᠣᠰᠬᠠᠭᠴᠢ ᠶᠢᠨ ᠠᠩᠬᠠᠷᠤᠯ ᠢ ᠲᠠᠲᠠᠪᠠ᠃
1.jpg
        ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠰᠢᠨ᠎ᠡ ᠵᠠᠭᠤᠴᠢᠯᠠᠭᠤᠷ ᠵᠢᠴᠢ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠨᠡᠷ᠎ᠡ ᠲᠥᠷᠥ ᠲᠠᠢ ᠯᠧᠺᠲ᠋ᠣᠷ ᠠᠴᠠ ᠠᠵᠤ ᠠᠬᠤᠶᠢᠯᠠᠯ ᠤᠨ ᠠᠭᠤᠯᠭ᠎ᠠ ᠶᠢᠨ ᠦᠢᠯᠡᠳᠪᠦᠷᠢᠯᠡᠯ᠂ ᠤᠷᠤᠰᠴᠠ ᠣᠯᠬᠤ᠂ ᠲᠤᠭ᠎ᠠ ᠪᠠᠷᠢᠮᠲᠠ ᠶᠢᠨ ᠬᠡᠷᠡᠭᠯᠡᠯᠲᠡ ᠵᠡᠷᠭᠡ ᠲᠠᠯ᠎ᠠ ᠪᠠᠷ ᠨᠡᠶᠢᠳᠡᠮ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠭᠦᠨᠵᠡᠭᠡᠶ ᠵᠠᠳᠠᠯᠤᠯᠲᠠ ᠪᠠ ᠨᠠᠷᠢᠯᠢᠭ ᠣᠨᠣᠴᠠᠲᠠᠶ ᠲᠠᠶᠢᠯᠤᠮᠵᠢ ᠬᠢᠪᠠ᠃ ᠬᠠᠷᠢᠯᠴᠠᠨ ᠬᠦᠳᠡᠯᠦᠯᠴᠡᠬᠦ ᠭᠤᠭᠴᠤᠭ᠎ᠠ ᠳᠤ᠂ ᠬᠤᠷᠠᠯ ᠳᠤ ᠣᠷᠣᠯᠴᠠᠭᠰᠠᠳ ᠢᠳᠡᠪᠬᠢᠲᠡᠶ ᠪᠠᠷ ᠠᠰᠠᠭᠤᠯᠲᠠ ᠳᠤᠷᠠᠳᠴᠤ᠂ ᠯᠧᠺᠲ᠋ᠣᠷ ᠨᠠᠷ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠦᠯᠢᠴᠡᠩᠭᠦᠶ ᠪᠠᠷ ᠨᠢᠭᠡᠳ ᠨᠢᠭᠡ ᠪᠠᠷ ᠬᠠᠷᠢᠭᠤᠯᠲᠠ ᠥᠭᠴᠦ᠂ ᠬᠤᠷᠠᠯ ᠳᠤ ᠣᠷᠣᠯᠴᠠᠭᠰᠠᠳ ᠲᠤ ︽ᠬᠤᠪᠢ ᠬᠥᠮᠦᠨ ᠤ IP ᠶᠢ ᠪᠣᠢ ᠪᠣᠯᠭᠠᠬᠤ ︾᠂ ︽ᠦᠢᠯᠡᠳᠬᠦᠨ ᠤ ᠰᠢᠭᠤᠳ ᠨᠡᠪᠲᠡᠷᠡᠭᠦᠯᠭᠡ ᠶᠢᠨ ᠤᠷᠤᠰᠴᠠ ᠶᠢ ᠳᠡᠭᠡᠭᠰᠢᠯᠡᠭᠦᠯᠬᠦ︾ ᠵᠡᠷᠭᠡ ᠵᠠᠩᠭᠢᠯᠠᠭ᠎ᠠ ᠶᠢᠨ ᠤᠷ᠎ᠠ ᠴᠢᠳᠠᠪᠤᠷᠢ ᠶᠢ ᠦᠳᠲᠡᠷ ᠲᠦᠷᠭᠡᠨ ᠡᠵᠡᠮᠰᠢᠭᠦᠯᠪᠡ᠃        ︽ᠡᠨᠡ ᠤᠳᠠᠭᠠᠨ ᠤ ᠦᠢᠯᠡᠰ ᠪᠤᠰᠬᠠᠬᠤ ᠱᠡᠯᠤᠨ ᠠᠵᠢᠯᠯᠠᠭ᠎ᠠ ᠳᠤ ᠣᠷᠤᠯᠴᠠᠭᠰᠠᠨ ᠳᠤ ᠪᠠᠨ ᠮᠠᠰᠢ ᠪᠠᠶᠠᠷ  ᠲᠠᠢ ᠪᠠᠶᠢᠨ᠎ᠠ᠂ ᠠᠵᠢᠯᠯᠠᠭ᠎ᠠ ᠳᠤᠮᠳᠠ ᠮᠠᠰᠢ ᠤᠯᠠᠨ ᠮᠡᠳᠡᠯᠭᠡ ᠨᠢ ᠶᠠᠭ ᠪᠢᠳᠡ ᠰᠢᠭ ᠪᠣᠳᠠᠲᠤ ᠴᠣᠭᠴᠠ ᠶᠢᠨ ᠠᠵᠤ ᠠᠬᠤᠶᠢᠯᠠᠯ ᠮᠠᠰᠢ ᠳᠤᠲᠠᠭᠳᠠᠵᠤ ᠪᠠᠶᠢᠭ᠎ᠠ ᠵᠦᠢᠯ ᠪᠣᠯᠤᠨ᠎ᠠ᠃ ᠠᠵᠢᠯᠯᠠᠭ᠎ᠠ ᠶᠢᠨ ᠳᠠᠷᠠᠭ᠎ᠠ᠂ ᠪᠢ ᠡᠨᠡ ᠤᠳᠠᠭᠠᠨ ᠤ ᠰᠤᠷᠤᠯᠴᠠᠵᠤ ᠣᠯᠤᠭᠰᠠᠨ ᠮᠡᠳᠡᠯᠭᠡ ᠪᠠᠨ ᠮᠠᠨ ᠤ ᠪᠣᠳᠠᠲᠠᠶ ᠡᠵᠡᠩᠨᠡᠯᠲᠡ ᠳᠤᠮᠳᠠ ᠪᠠᠨ ᠬᠡᠷᠡᠭᠯᠡᠵᠦ᠂ ᠠᠵᠤ ᠠᠬᠤᠶᠢᠯᠠᠯ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ︾ ᠭᠡᠵᠦ ᠥᠪᠥᠷ ᠮᠣᠩᠭᠤᠯ ᠤᠨ ᠬᠢᠩᠭᠠᠨ ᠠᠶᠢᠮᠠᠭ ᠤᠨ ᠺᠧ ᠸᠧᠶ ᠢᠳᠡᠭᠡᠨ ᠤ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠵᠣᠣ ᠳ᠋ᠢ ᠬᠡᠯᠡᠪᠡ᠃        ᠲᠣᠰ ᠤᠳᠠᠭᠠᠨ ᠤ ᠦᠢᠯᠡᠰ ᠪᠣᠰᠬᠠᠬᠤ ᠱᠠᠯᠤᠨ ᠠᠵᠢᠯᠯᠠᠭ᠎ᠠ ᠪᠣᠯ ᠤᠯᠠᠭᠠᠨᠬᠤᠲᠠ ᠶᠢᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠴᠢᠬᠤᠯᠠ ᠨᠢᠭᠡ ᠭᠤᠭᠴᠤᠭ᠎ᠠ ᠪᠣᠯᠤᠨ᠎ᠠ᠂ ᠨᠠᠷᠢᠯᠢᠭ ᠣᠨᠣᠴᠠᠲᠠᠶ ᠪᠠᠷ ᠣᠨᠣᠰᠢᠯᠠᠬᠤ᠂ ᠪᠠᠭᠠᠵᠢ ᠬᠡᠷᠡᠭᠰᠡᠯ ᠤᠨ ᠪᠣᠳᠠᠲᠠᠶ ᠪᠣᠯᠪᠠᠰᠤᠷᠠᠯ ᠪᠠ ᠬᠠᠷᠢᠯᠴᠠᠨ ᠰᠣᠯᠢᠯᠴᠠᠭ᠎ᠠ ᠪᠠᠷ ᠳᠠᠮᠵᠢᠨ᠂ ᠦᠢᠯᠡᠰ ᠴᠣᠭᠴᠠᠯᠠᠭᠴᠢ ᠳᠤ ᠰᠤᠷᠤᠯᠴᠠᠵᠤ ᠰᠣᠯᠢᠯᠴᠠᠬᠤ ᠪᠠ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠴᠢᠨᠠᠷ ᠰᠠᠶᠢᠲᠠᠶ ᠲᠠᠪᠴᠠᠩ ᠢ ᠪᠠᠶᠢᠭᠤᠯᠤᠨ ᠥᠭᠴᠦ᠂ ᠠᠵᠤ ᠠᠬᠤᠶᠢᠯᠠᠯ ᠤᠨ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠪᠣᠭᠤᠮᠢ ᠶᠢ ᠰᠢᠪᠲᠤᠯᠬᠤ ᠳᠤ ᠬᠦᠴᠦᠨ ᠨᠡᠮᠡᠷᠢᠯᠡᠵᠦ᠂ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠴᠢᠨᠠᠷ ᠰᠠᠶᠢᠲᠠᠶ ᠬᠥᠭᠵᠢᠯᠲᠡ ᠳᠤ ᠬᠥᠳᠡᠯᠭᠡᠬᠦ ᠬᠦᠴᠦᠨ ᠨᠡᠮᠡᠷᠢᠯᠡᠪᠡ᠃
2.jpg
        ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠹᠦ᠋ ᠴᠢᠶᠠᠩ᠂ ᠲᠠᠷᠠᠭᠠᠴᠢ ᠶᠢᠨ ᠠᠯᠬᠤᠮ ᠳᠤ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠦᠷᠭᠦᠯᠵᠢᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯᠧᠺᠲᠷᠣᠨ ᠬᠤᠳᠠᠯᠳᠤᠭᠠᠴᠢᠨ ᠬᠥᠮᠦᠵᠢᠭᠦᠯᠬᠦ᠂ ᠦᠢᠯᠡᠰ ᠪᠣᠰᠬᠠᠠᠬᠤ ᠲᠥᠷᠥᠯ ᠵᠦᠢᠯ ᠢ ᠳᠡᠯᠭᠡᠨ ᠦᠵᠡᠭᠦᠯᠵᠦ ᠲᠠᠨᠢᠯᠴᠠᠭᠤᠯᠬᠤ ᠴᠤᠭᠯᠠᠭᠠᠨ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯ ᠣᠯᠭᠤᠵᠤ ᠦᠢᠯᠡᠰ ᠪᠣᠰᠬᠠᠬᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠦᠢᠯᠡᠰ ᠪᠣᠰᠬᠠᠬᠤ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠦᠢᠯᠡᠰ ᠪᠣᠰᠬᠠᠭᠴᠢᠳ ᠲᠤ ᠪᠥᠬᠦ ᠲᠠᠯ᠎ᠠ ᠶᠢᠨ ᠳᠡᠮᠵᠢᠯᠭᠡ ᠬᠠᠩᠭᠠᠨ᠎ᠠ ᠭᠡᠵᠦ ᠢᠯᠡᠷᠬᠡᠶᠢᠯᠡᠪᠡ᠃   
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号