ᠦᠨᠳᠦᠰᠦᠨ ᠱᠠᠲᠤᠨ ᠤ ᠦᠢᠯᠡᠴᠢᠯᠡᠭᠡ ᠶᠢ ᠰᠠᠶᠢᠲᠤᠷ ᠬᠢᠵᠦ ᠪᠠᠶᠢᠭ᠎ᠠ ᠭᠡᠭᠡᠨᠰᠦ᠋ᠮ᠎ᠡ ᠪᠠᠯᠭᠠᠰᠤ
ᠨᠡᠶᠢᠲᠡᠯᠡᠭᠰᠡᠨ ᠴᠠᠭ᠄
2025/5/16
        ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠪᠣᠯ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠴᠢᠬᠤᠯᠠ ᠲᠦᠰᠢᠭ ᠮᠥᠨ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ ᠦᠢᠯᠡᠴᠢᠯᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠮᠥᠨ᠃ ᠤᠯᠠᠭᠠᠨᠬᠤᠲᠠ ᠶᠢᠨ ᠭᠡᠭᠡᠨᠰᠦ᠋ᠮ᠎ᠡ ᠪᠠᠯᠭᠠᠰᠤ ︽ᠳᠥᠷᠪᠡᠨ ᠪᠠᠶᠢᠩᠭᠤ︾ ᠶᠢᠨ ᠠᠵᠢᠯᠯᠠᠭ᠎ᠠ ᠪᠠᠷ ᠭᠠᠷᠳᠠᠴᠠ ᠪᠣᠯᠭᠠᠵᠤ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠬᠦ᠂ ᠣᠯᠠᠨ ᠲᠦᠮᠡᠨ ᠤ ᠥᠪᠡᠷᠲᠡᠭᠡᠨ ᠵᠠᠰᠠᠬᠤ ᠤᠬᠠᠮᠰᠠᠷ ᠢ ᠳᠡᠭᠡᠭᠰᠢᠯᠡᠭᠦᠯᠬᠦ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠰᠠᠶᠢᠲᠤᠷ ᠬᠡᠷᠡᠭᠯᠡᠬᠦ ᠪᠠᠷ ᠳᠠᠮᠵᠢᠨ᠂ ᠣᠯᠠᠨ ᠲᠦᠮᠡᠨ ᠤ ᠦᠨᠳᠦᠰᠦᠨ ᠱᠠᠲᠤᠨ ᠤ ᠵᠠᠰᠠᠯᠲᠠ ᠳᠤ ᠣᠷᠣᠯᠴᠠᠬᠤ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠨᠠᠮ ᠣᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠢ ᠠᠷᠠᠳ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠬᠤ ᠠᠮᠢᠵᠢᠷᠠᠯ ᠤᠨ ᠬᠦᠴᠦᠨ ᠤ ᠵᠢᠭᠰᠠᠭᠠᠯ ᠤᠨ ᠭᠠᠵᠠᠷ ᠪᠣᠯᠭᠠᠵᠠᠢ᠃        ᠠᠷᠠᠳᠴᠢᠯᠠᠯ ᠢᠶᠠᠷ ᠰᠶᠢᠳᠪᠦᠷᠢᠲᠦ ᠪᠣᠳᠣᠯᠭ᠎ᠠ ᠳᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠪᠡ
1.jpg
1.1.jpg
        ᠪᠠᠯᠭᠠᠰᠤᠨ ᠤ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠰᠠᠯᠠᠭ᠎ᠠ ᠮᠥᠴᠢᠷ ᠤᠳ ︽ᠳᠥᠷᠪᠡ ᠶᠢ ᠵᠥᠪᠯᠡᠵᠦ ᠬᠤᠶᠠᠷ ᠢ ᠢᠯᠡ ᠪᠣᠯᠭᠠᠬᠤ︾ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠣᠰᠬᠤᠨ ᠤ ᠱᠠᠲᠤᠨ ᠤ ᠴᠢᠬᠤᠯᠠ ᠶᠡᠭᠡ ᠤᠴᠢᠷ ᠶᠠᠪᠤᠳᠠᠯ ᠤᠨ ᠰᠢᠢᠳᠪᠦᠷᠢᠲᠦ ᠪᠣᠳᠣᠯᠭ᠎ᠠ ᠶᠢᠨ ᠠᠷᠠᠳᠴᠢᠯᠠᠯᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠣᠯᠤᠨ ᠢᠯᠡ ᠴᠢᠨᠠᠷ ᠢ ᠦᠨᠡᠨ ᠬᠦ ᠪᠠᠲᠤᠯᠠᠵᠤ᠂ ᠲᠣᠰᠬᠤᠨ ᠤ ᠠᠷᠠᠳ ᠢ ᠬᠥᠲᠥᠯᠥᠨ ᠵᠢᠯᠣᠭᠤᠳᠴᠤ ᠭᠠᠴᠠᠭ᠎ᠠ ᠲᠣᠰᠬᠤᠨ ᠤ ᠱᠠᠲᠤᠨ ᠤ ᠬᠡᠷᠡᠭ ᠶᠠᠪᠤᠳᠠᠯ ᠤᠨ ᠰᠢᠢᠳᠪᠦᠷᠢᠲᠦ ᠪᠣᠳᠣᠯᠭ᠎ᠠ ᠪᠣᠯᠤᠨ ᠦᠨᠳᠦᠰᠦᠨ ᠱᠠᠲᠤᠨ ᠤ ᠵᠠᠰᠠᠯᠲᠠ ᠳᠤ ᠢᠳᠡᠪᠬᠢᠲᠡᠶ ᠣᠷᠣᠯᠴᠠᠭᠤᠯᠵᠠᠢ᠃ ᠬᠠᠮᠢᠶ᠎ᠠ ᠪᠥᠬᠦᠶ ᠬᠤᠷᠠᠯ ᠤᠨ ᠲᠡᠮᠳᠡᠭᠯᠡᠯ᠂ ᠢᠯᠡ ᠪᠠᠷ ᠨᠡᠶᠢᠲᠡᠯᠡᠬᠦ ᠪᠤᠯᠤᠩ ᠵᠡᠷᠭᠡ ᠶᠢ ᠪᠠᠶᠢᠴᠠᠭᠠᠨ ᠦᠵᠡᠬᠦ ᠳᠠᠮᠵᠢᠨ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠱᠠᠯᠠᠪᠳᠠᠭᠤᠯᠤᠨ ᠴᠡᠭᠴᠡᠯᠡᠨ ᠰᠠᠶᠢᠵᠢᠷᠠᠭᠤᠯᠵᠠᠢ᠃ ᠡᠭᠦᠨ ᠤ ᠬᠠᠮᠲᠤ᠂ ᠣᠯᠠᠨ ᠲᠦᠮᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠶᠠᠪᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠡᠢ᠃        ᠤᠯᠠᠨ ᠲᠦᠮᠡᠨ ᠤ ᠥᠪᠡᠷᠲᠡᠭᠡᠨ ᠵᠠᠰᠠᠬᠤ ᠤᠬᠠᠮᠰᠠᠷ ᠢ ᠳᠡᠭᠡᠭᠰᠢᠯᠡᠭᠦᠯᠪᠡ
2.jpg
2.1.jpg
        ᠣᠯᠠᠨ ᠲᠦᠮᠡᠨ ᠤ ᠳᠤᠮᠳᠠ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠳᠤ ᠬᠠᠮᠵᠢᠯᠴᠠᠬᠤ᠂ ᠥᠪᠡᠷᠲᠡᠭᠡᠨ ᠵᠠᠰᠠᠬᠤ ᠬᠠᠯᠠᠭᠤᠨ ᠰᠡᠳᠬᠢᠯᠭᠡ ᠪᠠᠷ ᠥᠨᠳᠥᠷ᠂ ᠨᠡᠪᠲᠡᠷᠡᠯᠴᠡᠨ ᠵᠣᠬᠢᠴᠠᠭᠤᠯᠬᠤ ᠴᠢᠳᠠᠪᠤᠷᠢ ᠪᠠᠷ ᠴᠢᠩᠭ᠎ᠠ ᠣᠯᠠᠨ ᠲᠦᠮᠡᠨ ᠤ ᠲᠥᠯᠥᠭᠡᠯᠡᠭᠴᠢ ᠶᠢ ᠢᠯᠡᠷᠡᠭᠦᠯᠬᠦ ᠶᠢᠨ ᠬᠠᠮᠲᠤ ᠬᠥᠮᠦᠵᠢᠭᠦᠯᠵᠦ᠂ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠣᠯᠠᠨ ᠲᠦᠮᠡᠡᠴᠢ ᠬᠥᠮᠦᠵᠢᠯ ᠢᠶᠠᠷ ᠲᠦᠰᠢᠭ ᠪᠣᠯᠭᠠᠵᠤ᠂ ᠵᠥᠪᠯᠡᠬᠦ ᠠᠷᠠᠳᠴᠢᠯᠠᠯ ᠢᠶᠠᠷ ᠬᠡᠷᠡᠭ ᠵᠥᠪᠯᠡᠬᠦ ᠥᠷᠲᠡᠭᠡ ᠵᠡᠷᠭᠡ ᠬᠡᠷᠡᠭ ᠵᠥᠪᠯᠡᠬᠦ ᠲᠠᠪᠴᠠᠩ ᠢ ᠠᠰᠢᠭᠯᠠᠨ᠂ ᠣᠯᠠᠨ ᠲᠦᠮᠡᠨ ᠤ ᠬᠦᠴᠢᠷ ᠠᠰᠠᠭᠤᠳᠠᠯ ᠪᠠ ᠵᠥᠷᠢᠴᠡᠯ ᠵᠢᠭᠤᠷᠠᠯᠳᠤᠭᠠᠨ ᠢ ᠵᠣᠬᠢᠴᠠᠭᠤᠯᠤᠨ ᠰᠢᠢᠳᠪᠦᠷᠢᠯᠡᠵᠦ᠂ ︽ᠣᠯᠠᠨ ᠲᠦᠮᠡᠨ ᠤ ᠤᠴᠢᠷ ᠶᠠᠪᠤᠳᠠᠯ ᠢ ᠣᠯᠠᠨ ᠢᠶᠠᠷ ᠢᠶᠠᠨ ᠵᠥᠪᠯᠡᠬᠦ᠂ ᠣᠯᠠᠨ ᠲᠦᠮᠡᠨ ᠤ ᠤᠴᠢᠷ ᠶᠠᠪᠤᠳᠠᠯ ᠢ ᠣᠯᠠᠨ ᠲᠦᠮᠡᠨ ᠲᠣᠭᠲᠠᠭᠠᠬᠤ᠂ ᠣᠯᠠᠨ ᠲᠦᠮᠡᠨ ᠤ ᠤᠴᠢᠷ ᠶᠠᠪᠤᠳᠠᠯ ᠢ ᠣᠯᠠᠨ ᠲᠦᠮᠡᠨ ᠲᠣᠭᠲᠠᠭᠠᠬᠤ᠂ ᠣᠯᠠᠨ ᠲᠦᠮᠡᠨ ᠤ ᠤᠴᠢᠷ ᠶᠠᠪᠤᠳᠠᠯ ᠢ ᠣᠯᠠᠨ ᠲᠦᠮᠡᠨ ᠰᠢᠢᠳᠪᠦᠷᠢᠯᠡᠬᠦ᠂ ᠣᠯᠠᠨ ᠲᠦᠮᠡᠨ ᠤ ᠤᠴᠢᠷ ᠶᠠᠪᠤᠳᠠᠯ ᠢ ᠣᠯᠠᠨ ᠲᠦᠮᠡᠨ ᠭᠦᠢᠴᠡᠳᠬᠡᠬᠦ︾ ᠶᠢ ᠠᠯᠬᠤᠮ ᠠᠯᠬᠤᠮ ᠢᠶᠠᠷ ᠪᠡᠶᠡᠯᠡᠭᠦᠯᠵᠡᠢ᠃ ᠬᠠᠳᠠᠨ ᠠᠷᠤ ᠭᠠᠴᠠᠭ᠎ᠠ ᠳᠤ ᠵᠥᠪᠯᠡᠬᠦ ᠠᠷᠠᠳᠴᠢᠯᠠᠯ ᠤᠨ ᠬᠡᠷᠡᠭ ᠵᠥᠪᠯᠡᠬᠦ ᠦᠷᠳᠡᠭᠡ ᠪᠠᠶᠢᠭᠤᠯᠵᠤ᠂ ︽ᠬᠠᠮᠲᠤᠷᠠᠯᠴᠠᠭᠠᠨ ᠤ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠠᠷᠠᠳᠴᠢᠯᠠᠯ ᠢᠶᠠᠷ ᠵᠥᠪᠳᠡᠯᠴᠡᠨ ᠵᠥᠪᠯᠡᠬᠦ ᠬᠤᠷᠠᠯ ᠢ ᠬᠤᠷᠠᠯᠳᠤᠭᠤᠯᠵᠤ᠂ ᠬᠤᠷᠠᠯ ᠠᠴᠠ ᠤᠰᠤᠨ ᠲᠤᠲᠤᠷᠭ᠎ᠠ ᠲᠠᠷᠢᠬᠤ ᠠᠵᠤ ᠦᠢᠯᠡᠰ ᠤᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰᠬᠤᠨ ᠤ ᠠᠷᠠᠳ ᠪᠣᠯᠤᠨ ᠠᠵᠤ ᠠᠬᠤᠶᠢᠯᠠᠯ ᠤᠨ ᠬᠠᠷᠢᠯᠴᠠᠨ ᠠᠰᠢᠭᠲᠠᠢ ᠪᠠᠶᠢᠬᠤ ᠶᠢ ᠢᠳᠡᠪᠬᠢᠲᠡᠢ ᠰᠦᠪᠡᠭᠴᠢᠯᠡᠵᠦ᠂ ᠨᠡᠩ ᠵᠣᠬᠢᠰᠲᠠᠢ ᠠᠷᠭ᠎ᠠ ᠬᠡᠯᠪᠡᠷᠢ ᠪᠠᠷ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠠᠵᠤ ᠠᠬᠤᠶᠢᠯᠠᠯ ᠤᠨ ᠦᠷ᠎ᠡ ᠠᠰᠢᠭ ᠢ ᠨᠡᠮᠡᠭᠳᠡᠭᠦᠯᠬᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠭᠤᠷᠪᠠ ᠳᠤ ᠠᠰᠢᠭ ᠬᠦᠷᠳᠡᠭᠡᠬᠦ ᠪᠠᠶᠢᠳᠠᠯ ᠢ ᠪᠡᠶᠡᠯᠡᠭᠦᠯᠬᠦ ᠶᠢ ᠵᠥᠪᠯᠡᠬᠦ ᠭᠤᠣᠯᠳᠠᠯᠭ᠎ᠠ ᠪᠣᠯᠭᠠᠨ ᠶᠠᠷᠢᠯᠴᠠᠵᠤ᠂ ᠮᠠᠰᠢ ᠰᠠᠶᠢᠨ ᠦᠷ᠎ᠡ ᠪᠦᠲᠦᠮᠵᠢ ᠣᠯᠵᠠᠢ᠃        ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠠᠷᠭ᠎ᠠ ᠶᠢ ᠰᠠᠶᠢᠲᠤᠷ ᠬᠡᠷᠡᠭᠯᠡᠪᠡ
3.jpg
3.1.jpg
        ᠪᠠᠯᠭᠠᠰᠤᠨ ᠤ ᠲᠠᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠠᠴᠠ ᠪᠠᠶᠠᠨᠬᠤᠸᠠ᠂ ᠬᠠᠷ᠎ᠠ ᠢᠮᠠᠭᠠᠲᠤ᠂ ᠪᠠᠶᠠᠨᠬᠠᠳᠠ ᠭᠠᠴᠠᠭᠠᠨ ᠤ ᠬᠤᠪᠢ ᠬᠤᠷᠠᠮᠳᠤᠭᠤᠯᠬᠤ ᠲᠦᠷᠢᠮ ᠤᠨ ᠬᠠᠮᠢᠶᠠᠷᠤᠯᠲᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠤᠪᠢ ᠬᠤᠷᠠᠮᠳᠤᠭᠤᠯᠬᠤ ᠪᠠᠷ ᠳᠠᠮᠵᠢᠨ ᠣᠯᠠᠨ ᠲᠦᠮᠡᠨ ᠢ ᠵᠣᠷᠢᠭᠵᠢᠭᠤᠯᠤᠨ ᠬᠥᠳᠡᠭᠡ ᠲᠣᠰᠬᠤᠨ ᠢ ᠵᠠᠰᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠢᠳᠡᠪᠬᠢᠲᠡᠶ ᠣᠷᠣᠯᠴᠠᠭᠤᠯᠵᠠᠢ᠃ ︽ᠬᠤᠪᠢ ᠬᠤᠷᠠᠮᠳᠤᠭᠤᠯᠬᠤ ᠴᠢᠯᠦᠭᠡᠲᠦ ᠳᠡᠯᠭᠡᠭᠦᠷ︾ ᠢ ᠲᠡᠭᠦᠯᠳᠡᠷᠵᠢᠭᠦᠯᠵᠦ᠂ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭ᠎ᠠ᠂ ᠰᠠᠶᠢᠨ ᠳᠤᠷ᠎ᠠ ᠶᠢᠨ ᠦᠢᠯᠡᠴᠢᠯᠡᠭᠡ᠂ ᠣᠯᠠᠨ ᠨᠡᠶᠢᠲᠡ ᠶᠢᠨ ᠤᠴᠢᠷ ᠶᠠᠪᠤᠳᠠᠯ ᠵᠡᠷᠭᠡ ᠪᠠᠶᠢᠳᠠᠯ ᠢ ᠬᠤᠪᠢ ᠬᠤᠷᠠᠮᠳᠤᠭᠤᠯᠬᠤ ᠬᠠᠮᠢᠶᠠᠷᠤᠯᠲᠠ ᠳᠤ ᠣᠷᠣᠭᠤᠯᠵᠤ ᠂ ᠬᠤᠪᠢ ᠬᠤᠷᠠᠮᠳᠤᠭᠤᠯᠬᠤ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠲᠤᠰᠬᠠᠶ ᠬᠥᠮᠦᠨ ᠢᠶᠠᠷ ᠬᠤᠪᠢ ᠬᠤᠷᠠᠮᠳᠤᠭᠤᠯᠬᠤ ᠲᠡᠮᠳᠡᠭᠯᠡᠯ ᠪᠠ ᠬᠠᠮᠢᠶᠠᠷᠤᠯᠲᠠ ᠶᠢ ᠬᠠᠷᠢᠭᠤᠴᠠᠭᠤᠯᠵᠤ᠂ ᠬᠤᠪᠢ ᠬᠤᠷᠠᠮᠳᠤᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠬᠤᠪᠢ ᠬᠤᠷᠠᠮᠳᠤᠭᠤᠯᠬᠤ ᠠᠵᠢᠯ ᠤᠨ ᠡᠷᠬᠡ ᠲᠡᠭᠰᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠬᠤᠪᠢ ᠬᠤᠷᠠᠮᠳᠤᠭᠤᠯᠬᠤ ᠳᠦᠷᠢᠮ ᠤᠨ ᠬᠠᠮᠢᠶᠠᠷᠤᠯᠲᠠ ᠳᠤ ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠲᠠᠰᠤᠷᠠᠯᠲᠠ ᠦᠭᠡᠢ ᠬᠥᠭᠵᠢᠭᠡᠵᠡᠢ᠃   
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号