ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠶᠢᠮᠠᠭ ᠤᠨ ᠱᠠᠲᠤᠨ ᠤ 5000 ᠲᠣᠨ ᠨᠥᠭᠡᠴᠡ ᠠᠮᠤ ᠶᠢ ᠬᠤᠳᠠᠯᠳᠤᠨ ᠠᠪᠤᠪᠠ
ᠨᠡᠶᠢᠲᠡᠯᠡᠭᠰᠡᠨ ᠴᠠᠭ᠄
2025/5/19
       ᠣᠶᠢᠷ᠎ᠠ ᠳᠤ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ 5000 ᠲᠣᠨ ᠠᠶᠢᠮᠠᠭ ᠤᠨ  ᠱᠠᠲᠤᠨ ᠤ ᠨᠥᠭᠡᠴᠡ ᠠᠮᠤ ᠶᠢ ᠬᠤᠳᠠᠯᠳᠤᠨ ᠠᠪᠴᠤ᠂ ᠣᠷᠣᠨ ᠪᠦᠰᠡ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠠᠮᠤ ᠪᠤᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃
1.png
       ᠰᠣᠷᠪᠤᠯᠵᠢᠯᠠᠭᠴᠢ ᠣᠶᠢᠷ᠎ᠠ ᠳᠤ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠮᠤ ᠪᠤᠳᠠᠭᠠᠨ ᠤ ᠬᠥᠮᠥᠷᠭᠡ ᠪᠠᠷ ᠬᠦᠷᠬᠦ  ᠳᠤ᠂ ᠠᠵᠢᠯᠲᠠᠳ ᠶᠠᠭ ᠠᠮᠤ ᠪᠤᠳᠠᠭᠠᠨ ᠤ ᠴᠢᠨᠠᠷ ᠤᠨ ᠰᠢᠯᠭᠠᠨ ᠪᠠᠶᠢᠴᠠᠭᠠᠯᠲᠠ᠂ ᠲᠤᠭ᠎ᠠ ᠪᠠᠷᠢᠮᠲᠠ ᠶᠢᠨ ᠲᠡᠮᠳᠡᠭᠯᠡᠯ ᠬᠢᠵᠦ ᠪᠠᠶᠢᠯ᠎ᠠ᠃ ᠤᠰᠤᠨ ᠲᠤᠲᠤᠷᠭ᠎ᠠ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ ᠬᠢᠬᠦ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠠᠯ᠎ᠠ ᠨᠤᠲᠤᠭ ᠤᠨ ᠰᠠᠨ ᠾᠧ ᠲᠣᠰ ᠤᠳᠠᠭ᠎ᠠ 5000 ᠲᠣᠨ ᠠᠶᠢᠮᠠᠭ ᠤᠨ ᠱᠠᠲᠤᠨ ᠤ ᠨᠥᠭᠡᠴᠡ ᠠᠮᠤ ᠪᠤᠳᠠᠭ᠎ᠠ ᠶᠢ ᠬᠤᠳᠠᠯᠳᠤᠨ ᠠᠪᠴᠤ᠂ ᠣᠷᠣᠨ ᠪᠦᠰᠡ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠡᠳ᠋ᠰᠢᠭᠦᠯᠬᠦ ᠠᠵᠤ ᠠᠬᠤᠶᠢᠯᠠᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃       ︽ᠲᠣᠰ ᠤᠳᠠᠭᠠᠨ ᠤ ᠠᠶᠢᠮᠠᠭ ᠤᠨ ᠱᠠᠲᠤᠨ ᠤ ᠨᠥᠭᠡᠴᠡ ᠲᠤᠲᠤᠷᠭ᠎ᠠ 3 ᠲᠦᠮᠡᠨ ᠲᠣᠨ ᠨᠡᠮᠡᠭᠳᠡᠵᠦ᠂ ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠳᠤ ᠬᠦᠴᠦᠨ ᠨᠡᠮᠡᠷᠢᠯᠡᠭᠰᠡᠨ ᠪᠥᠭᠡᠳ ᠮᠠᠨ ᠤ ᠡᠳ᠋ᠰᠢᠭᠦᠯᠬᠦ ᠠᠵᠤ ᠠᠬᠤᠶᠢᠯᠠᠯ ᠤᠨ ᠬᠤᠳᠠᠯᠳᠤᠨ ᠠᠪᠬᠤ ᠬᠤᠭᠤᠴᠠᠭᠠᠨ ᠳᠤ ᠣᠷᠣᠰᠢᠵᠤ ᠪᠠᠶᠢᠭ᠎ᠠ ᠪᠠᠯᠠ ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠴᠤ ᠰᠢᠢᠳᠪᠦᠷᠢᠯᠡᠪᠡ︾ ᠭᠡᠵᠦ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠠᠩ ᠬᠠᠢ ᠹᠧᠩ ᠬᠡᠯᠡᠪᠡ᠃
2.jpg
3.jpg
       ᠳᠤᠯᠠᠭᠠᠨ ᠴᠢᠭᠢᠭ ᠤᠨ ᠬᠡᠮᠵᠢᠶ᠎ᠡ ᠶᠢ ᠣᠨᠣᠪᠴᠢᠲᠠᠶ ᠡᠵᠡᠮᠳᠡᠬᠦ ᠨᠢ ᠠᠮᠤ ᠪᠤᠳᠠᠭ᠎ᠠ ᠢᠯᠵᠢᠷᠠᠬᠤ ᠡᠰᠡᠬᠦ᠂ ᠬᠤᠷᠣᠬᠠᠶ ᠪᠦᠲᠦᠬᠦ ᠡᠰᠡᠬᠦ ᠲᠠᠢ ᠰᠢᠭᠤᠳ ᠬᠤᠯᠪᠤᠭᠳᠠᠵᠤ᠂ ᠠᠮᠤ ᠪᠤᠳᠠᠭ᠎ᠠ ᠬᠠᠳᠠᠭᠠᠯᠠᠬᠤ ᠵᠠᠩᠭᠢᠯᠠᠭ᠎ᠠ ᠪᠣᠯᠤᠨ᠎ᠠ᠃ ᠡᠭᠦᠨ ᠳᠤ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠣᠶᠤᠨᠴᠢ ᠠᠮᠤ ᠪᠤᠳᠠᠭ᠎ᠠ ᠨᠥᠭᠡᠴᠡᠯᠡᠬᠦ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠲᠦᠰᠢᠭᠯᠡᠨ᠂ ᠣᠷᠴᠢᠨ ᠲᠣᠭᠤᠷᠢᠨ ᠤ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ ᠵᠠᠳᠠᠯᠵᠤ᠂ ᠰᠠᠯᠬᠢ ᠨᠡᠪᠲᠡᠷᠡᠭᠦᠯᠬᠦ᠂ ᠳᠤᠯᠠᠭᠠᠨ ᠢ ᠡᠵᠡᠮᠳᠡᠬᠦ ᠲᠥᠬᠦᠭᠡᠷᠦᠮᠵᠢ ᠶᠢ ᠬᠥᠳᠡᠯᠦᠩᠭᠦᠶ ᠪᠠᠷ ᠲᠣᠬᠢᠷᠠᠭᠤᠯᠵᠤ᠂ ᠠᠮᠤ ᠪᠤᠳᠠᠭᠠᠨ ᠤ ᠴᠢᠨᠠᠷ ᠴᠢᠨᠰᠠᠭ᠎ᠠ ᠶᠢ ᠪᠠᠲᠤᠯᠠᠵᠠᠢ᠃       ︽ᠡᠨᠡ ᠬᠦ ᠰᠢᠰᠲ᠋ᠧᠮ ᠢᠶᠠᠷ ᠳᠠᠮᠵᠢᠨ᠂ ᠬᠥᠮᠥᠷᠭᠡ ᠶᠢᠨ ᠳᠣᠲᠣᠷᠠᠬᠢ ᠡᠯ᠎ᠡ ᠭᠠᠵᠠᠷ ᠤᠨ ᠳᠤᠯᠠᠭᠠᠨ ᠴᠢᠭᠢᠭ ᠤᠨ ᠬᠡᠮᠵᠢᠶ᠎ᠡ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠪᠠᠶᠢᠴᠠᠭᠠᠨ ᠦᠵᠡᠨ ᠲᠡᠮᠳᠡᠭᠯᠡᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ᠂ ᠰᠢᠰᠲ᠋ᠧᠮ ᠨᠢ ᠳᠠᠷᠤᠶ ᠲᠦᠷᠭᠡᠨ ᠮᠡᠳᠡᠭᠳᠡᠵᠦ᠂ ᠪᠢᠳᠡ ᠲᠡᠷᠡ ᠳᠠᠷᠤᠶ ᠳᠤᠨᠢ ᠲᠣᠬᠢᠷᠠᠭᠤᠯᠤᠯᠲᠠ ᠬᠢᠵᠦ᠂ ᠨᠥᠭᠡᠴᠡ ᠠᠮᠤ ᠪᠤᠳᠠᠭ᠎ᠠ ᠶᠢᠨ ᠴᠢᠨᠠᠷ ᠢ ᠪᠠᠲᠤᠯᠠᠬᠤ ᠶᠢ ᠦᠨᠡᠨ ᠬᠦ ᠪᠡᠶᠡᠯᠡᠭᠦᠯᠵᠡᠶ︾ ᠭᠡᠵᠦ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠵᠠᠰᠠᠭ ᠵᠠᠬᠢᠷᠭᠠᠨ ᠤ ᠳᠠᠭᠠᠭᠠᠮᠠᠯ ᠼᠦᠢ ᡁᠢ ᠰᠢᠶᠠᠩ ᠲᠠᠨᠢᠯᠴᠠᠭᠤᠯᠵᠠᠢ᠃
4.jpg
       5000 ᠲᠣᠨ ᠠᠶᠢᠮᠠᠭ ᠤᠨ ᠱᠠᠲᠤᠨ ᠤ ᠨᠥᠭᠡᠴᠡᠯᠡᠬᠦ ᠲᠤᠲᠤᠷᠭ᠎ᠠ ᠶᠢ ᠰᠢᠨᠵᠢᠯᠡᠬᠦ ᠤᠬᠠᠭᠠᠨᠴᠢ ᠪᠠᠷ ᠬᠤᠳᠠᠯᠳᠤᠨ ᠠᠪᠴᠤ ᠨᠥᠭᠡᠴᠡᠯᠡᠬᠦ ᠪᠣᠯ ︽ᠠᠮᠤ ᠪᠤᠳᠠᠭ᠎ᠠ ᠶᠢ ᠮᠡᠷᠭᠡᠵᠢᠯ ᠢᠶᠠᠷ ᠬᠠᠳᠠᠭᠠᠯᠠᠬᠤ︾ ᠪᠠᠶᠢᠯᠳᠤᠬᠤ ᠪᠣᠳᠣᠯᠭ᠎ᠠ ᠶᠢᠨ ᠠᠮᠢᠳᠤᠯᠢᠭ ᠦᠢᠯᠡᠳᠦᠯᠭᠡ ᠮᠥᠨ᠂ ᠨᠠᠩ ᠴᠤ ᠣᠷᠣᠨ ᠪᠦᠰᠡ ᠶᠢᠨ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠨ ᠬᠠᠮᠠᠭᠠᠯᠠᠬᠤ ᠬᠦᠴᠦᠲᠡᠢ ᠡᠭᠦᠷᠭᠡᠯᠡᠯ ᠮᠥᠨ᠃ ᠢᠷᠡᠭᠡᠳᠦᠢ ᠳᠤ᠂ ᠤᠯᠠᠭᠠᠨᠬᠤᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ ᠤᠯᠠᠨ ᠤ ︽ᠪᠤᠳᠠᠭᠠᠨ ᠠᠶᠠᠭ᠎ᠠ︾ ᠶᠢ ᠲᠣᠭᠲᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ᠃      
 
ᠢᠷᠡᠯᠲᠡ᠄ ᠤᠯᠠᠭᠠᠨᠬᠤᠲᠠ ᠶᠢᠨ ᠸᠢᠴᠠᠲ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号