| ᠨᠢᠰᠬᠡᠯ ᠤᠨ ᠪᠠᠭᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠠᠶᠠᠨᠴᠢᠳ ᠤᠨ ᠶᠠᠪᠤᠵᠤ ᠰᠠᠭᠤᠬᠤ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠣᠶᠢᠷ᠎ᠠ ᠶᠢᠨ | ᠵᠢᠯ ᠳᠤ᠂ ᠤᠯᠠᠭᠠᠨᠬᠤᠲᠠ ᠨᠢᠰᠬᠡᠯ ᠤᠨ ᠪᠠᠭᠤᠳᠠᠯ ᠠᠶᠠᠨᠴᠢᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ | ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠦᠷᠭᠦᠯᠵᠢᠯᠡᠨ ᠰᠢᠨ᠎ᠡ ᠶᠢ ᠡᠭᠦᠳᠴᠦ᠂ ᠰᠢᠯᠢᠳᠡᠭ | ᠦᠢᠯᠡᠴᠢᠯᠡᠭᠡᠨ ᠤ ᠰᠢᠷᠢᠰ ᠦᠢᠯᠡᠳᠬᠦᠨ ᠢᠶᠠᠷ ᠥᠷᠭᠡᠨ ᠣᠯᠠᠨ ᠠᠶᠠᠨᠴᠢᠳ ᠤᠨ ᠳᠡᠭᠡᠳᠦ ᠬᠡᠮᠵᠢᠶᠡᠨ ᠤ ᠰᠠᠶᠢᠨ | ᠦᠨᠡᠯᠡᠯᠲᠡ ᠶᠢ ᠣᠯᠤᠭᠰᠠᠨ ᠪᠠᠶᠢᠨ᠎ᠠ᠃ | | | | | | | ᠤᠯᠠᠭᠠᠨᠬᠤᠲᠠ ᠨᠢᠰᠬᠡᠯ ᠤᠨ ᠪᠠᠭᠤᠳᠠᠯ ᠤᠨ ᠵᠢᠵᠢᠭᠦᠷᠯᠡᠬᠦ ᠲᠣᠭᠤᠷᠢᠭ ᠲᠤ᠂ ᠠᠵᠢᠯᠲᠠᠳ ᠶᠠᠭ ᠠᠶᠠᠨᠴᠢᠨ | ᠯᠢᠦ ᠠᠪᠤᠭᠠᠢ ᠶᠢ ᠬᠠᠪᠰᠤᠷᠤᠨ ᠨᠢᠰᠭᠡᠯ ᠳᠤ ᠭᠠᠷᠬᠤ ᠭᠠᠷ ᠭᠦᠢᠴᠡᠳᠬᠡᠯ ᠬᠢᠯᠭᠡᠵᠦ᠂ ᠲᠡᠭᠦᠨ ᠳᠤ ᠪᠠᠰᠠ ︽ | ᠬᠤᠪᠢᠰᠬᠠᠯᠲᠤ ᠳᠤᠷᠠᠰᠤᠮᠵᠢ︾ ᠦᠢᠯᠡᠴᠢᠯᠡᠭᠡᠨ ᠤ ᠺᠠᠷᠲ ᠣᠯᠭᠤᠪᠠ᠃ ︽ᠮᠢᠨᠦ ᠦᠵᠡᠬᠦ ᠪᠠᠷ ᠡᠨᠡ ᠬᠦ | ᠦᠢᠯᠡᠴᠢᠯᠡᠭᠡᠨ ᠤ ᠺᠠᠷᠲ ᠤᠨ ᠵᠢᠷᠤᠭ ᠮᠠᠰᠢ ᠰᠠᠶᠢᠨ᠂ ᠳᠣᠲᠣᠷ᠎ᠠ ᠨᠢ ᠨᠢᠰᠬᠡᠯ ᠤᠨ ᠪᠠᠭᠤᠳᠠᠯ ᠤᠨ ᠡᠯ᠎ᠡ | ᠦᠢᠯᠡᠴᠢᠯᠡᠭᠡᠨ ᠤ ᠲᠥᠬᠦᠭᠡᠷᠦᠮᠵᠢ ᠶᠢᠨ ᠬᠠᠪᠲᠠᠭᠠᠶ ᠵᠢᠷᠤᠭ ᠢ ᠠᠭᠤᠯᠵᠤ ᠪᠠᠶᠢᠬᠤ ᠪᠠᠷ ᠪᠠᠷᠠᠬᠤ ᠥᠬᠡᠶ᠂ ᠺᠠᠷᠲ ᠤᠨ | ᠠᠷᠤ ᠲᠠᠯ᠎ᠠ ᠳᠤ ᠪᠠᠰᠠ ᠨᠢᠭᠡ ᠪᠦᠯᠦᠭ ᠲᠤᠬᠠᠶ ᠶᠢᠨ ᠭᠠᠵᠠᠷ ᠤᠨ ᠬᠤᠪᠢᠰᠬᠠᠯᠲᠤ ᠰᠣᠶᠣᠯ ᠤᠨ ᠵᠢᠭᠤᠯᠴᠢᠯᠠᠯ ᠤᠨ | ᠦᠵᠡᠮᠵᠢ ᠶᠢᠨ ᠭᠠᠵᠠᠷ ᠢ ᠳᠠᠭᠠᠯᠳᠤᠭᠤᠯᠵᠤ᠂ ᠠᠩᠬ᠎ᠠ ᠤᠳᠠᠭ᠎ᠠ ᠡ᠊ᠡᠳᠡ ᠢᠷᠡᠭᠰᠡᠨ ᠵᠢᠭᠤᠯᠴᠢᠯᠠᠭᠰᠠᠳ ᠲᠤ ᠪᠠᠰᠠ | ᠮᠠᠰᠢ ᠲᠥᠬᠦᠮ ᠪᠠᠶᠢᠨ᠎ᠠ︾ ᠭᠡᠵᠦ ᠠᠶᠠᠨᠴᠢᠨ ᠯᠢᠦ ᠠᠪᠤᠭᠠᠢ ᠬᠡᠯᠡᠪᠡ᠃ | ᠨᠢᠰᠬᠡᠯ ᠬᠦᠯᠢᠶᠡᠬᠦ ᠲᠢᠩᠬᠢᠮ ᠤᠨ ᠠᠮᠠᠷᠠᠬᠤ ᠲᠠᠰᠤᠭ ᠢᠶᠠᠷ ᠣᠷᠣᠬᠤ ᠳᠤ᠂ ᠲᠣᠮᠣ ᠳᠡᠯᠭᠡᠴᠡ ᠳᠡᠭᠡᠷ᠎ᠡ | ᠡᠭᠡᠯᠵᠢ ᠶᠢᠨ ᠨᠢᠰᠬᠡᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠲᠣᠳᠣᠷᠬᠠᠶ ᠰᠢᠨᠠᠴᠢᠯᠡᠵᠦ᠂ ᠲᠡᠷᠢ ᠲᠡᠭᠰᠢ | ᠵᠢᠭᠰᠠᠭᠠᠭᠳᠠᠭᠰᠠᠨ ᠲᠠᠭᠠᠯᠠᠮᠵᠢᠲᠠᠶ ᠰᠠᠨᠳᠠᠯᠢ ᠶᠢᠨ ᠬᠠᠵᠠᠭᠤ ᠳᠤ ᠴᠥᠮ ᠴᠡᠨᠡᠭᠯᠡᠵᠦ ᠪᠣᠯᠬᠤ ᠰᠠᠭᠤᠳᠠᠯ ᠲᠠᠢ ᠪᠠᠶᠢᠵᠣ | ᠠᠶᠠᠨᠴᠢᠳ ᠨᠢᠰᠬᠡᠯ ᠬᠦᠯᠢᠶᠡᠬᠦ ᠳᠤ ᠲᠠᠭᠠᠯᠠᠮᠵᠢᠲᠠᠢ ᠣᠷᠴᠢᠨ ᠬᠠᠩᠭᠠᠵᠠᠢ᠃ | | | | | | | | | | ︽ᠡ᠊ᠡᠳᠡᠬᠢ ᠦᠢᠯᠡᠴᠢᠯᠡᠭᠡ ᠮᠠᠰᠢ ᠪᠦᠷᠢᠨ ᠭᠦᠢᠴᠡᠳ ᠪᠠᠶᠢᠨ᠎ᠠ᠂ ᠠᠵᠢᠯᠲᠠᠳ ᠨᠠᠮᠠᠢᠢ ᠬᠠᠪᠰᠤᠷᠴᠤ ᠨᠢᠰᠭᠡᠯ | ᠳᠤ ᠭᠠᠷᠬᠤ ᠭᠠᠷ ᠭᠦᠢᠴᠡᠳᠬᠡᠯ ᠢ ᠤᠷᠢᠳᠴᠢᠯᠠᠨ ᠭᠦᠢᠴᠡᠳᠬᠡᠵᠦ᠂ ᠮᠠᠰᠢ ᠳᠣᠲᠣᠨᠣ ᠪᠠᠶᠢᠨ᠎ᠠ︾ ᠭᠡᠵᠦ ᠠᠶᠠᠨᠴᠢᠨ | ᠳᠦᠩ ᠠᠪᠠᠭ᠋ᠠᠢ ᠰᠡᠳᠬᠢᠯ ᠬᠠᠨᠤᠮᠵᠢᠲᠠᠢ ᠬᠡᠯᠡᠪᠡ᠃ ᠠᠶᠠᠨᠴᠢᠳ ᠤᠨ ᠬᠡᠷᠡᠭᠴᠡᠭᠡ ᠶᠢ ᠨᠠᠷᠢᠯᠢᠭ ᠣᠨᠣᠴᠠᠲᠠᠶ ᠪᠠᠷ | ᠬᠠᠩᠭᠠᠬᠤ ᠶᠢᠨ ᠲᠥᠯᠥᠭᠡ᠂ ᠤᠯᠠᠭᠠᠨᠬᠤᠲᠠ ᠨᠢᠰᠬᠡᠯ ᠤᠨ ᠪᠠᠭᠤᠳᠠᠯ ᠪᠦᠬᠦ ᠲᠠᠯ᠎ᠠ ᠶᠢ ᠬᠠᠮᠤᠷᠤᠭᠰᠠᠨ | ᠦᠢᠯᠡᠴᠢᠯᠡᠭᠡᠨ ᠤ ᠰᠢᠷᠢᠰ ᠦᠢᠯᠡᠳᠬᠦᠨ ᠭᠠᠷᠭᠠᠵᠤ᠂ ᠨᠢᠰᠬᠡᠯ ᠬᠦᠯᠢᠶᠡᠬᠦ ᠦᠢᠯᠡᠴᠢᠯᠡᠭᠡ᠂ ᠪᠣᠭᠤᠳᠠᠯ ᠪᠠᠭᠯᠠᠭ᠎ᠠ ᠶᠢᠨ | ᠬᠠᠮᠢᠶᠠᠷᠤᠭᠴᠢ ᠵᠡᠷᠭᠡ ᠣᠯᠠᠨ ᠡᠰᠢᠵᠢᠭᠰᠡᠨ ᠦᠢᠯᠡᠴᠢᠯᠡᠭᠡᠨ ᠤ ᠠᠭᠤᠯᠭ᠎ᠠ ᠶᠢ ᠬᠡᠷᠡᠭᠵᠢᠭᠦᠯᠵᠦ᠂ ᠠᠶᠠᠨᠴᠢᠳ ᠤᠨ | ᠶᠠᠪᠤᠵᠤ ᠰᠠᠭᠤᠬᠤ ᠣᠶᠢᠯᠠᠭᠠᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ 2025 ᠣᠨ ᠤ 4 ᠰᠠᠷ᠎ᠠ | ᠪᠣᠯᠲᠠᠯ᠎ᠠ᠂ ᠤᠯᠠᠭᠠᠨᠬᠤᠲᠠ ᠨᠢᠰᠬᠡᠯ ᠤᠨ ᠪᠠᠭᠤᠳᠠᠯ ᠨᠡᠶᠢᠲᠡ 120751 ᠬᠥᠮᠦᠨ ᠤᠳᠠᠭ᠎ᠠ ᠶᠢᠨ ᠠᠶᠠᠨᠴᠢᠳ ᠤᠨ | ᠶᠠᠪᠤᠵᠤ ᠰᠠᠭᠤᠬᠤ ᠶᠢ ᠪᠠᠲᠤᠯᠠᠵᠤ᠂ ᠠᠶᠠᠨᠴᠢᠳ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠶᠠᠰᠤ ᠴᠢᠨᠠᠷ ᠤᠨ | ᠬᠢᠨᠠᠯᠲᠠ ᠲᠠᠯᠪᠢᠬᠤ ᠲᠠᠪᠴᠠᠩ ᠤᠨ 221 ᠬᠤᠪᠢ ᠰᠠᠶᠢᠰᠢᠶᠠᠯ ᠮᠠᠭᠲᠠᠭᠠᠯ ᠢ ᠬᠦᠷᠲᠡᠵᠦ᠂ ᠥᠪᠥᠷ ᠮᠣᠩᠭᠤᠯ ᠤᠨ | ᠨᠢᠰᠬᠡᠯ ᠤᠨ ᠪᠠᠭᠤᠳᠠᠯ ᠤᠨ ᠪᠦᠯᠦᠭᠯᠡᠯ ᠤᠨ ᠠᠶᠠᠨᠴᠢᠳ ᠤᠨ ᠦᠢᠯᠡᠴᠢᠯᠡᠭᠡᠨ ᠤ ᠲᠥᠪ ᠤᠨ 405 ᠬᠤᠪᠢ | ᠰᠠᠶᠢᠰᠢᠶᠠᠯ ᠮᠠᠭᠲᠠᠭᠠᠯ ᠢ ᠬᠦᠷᠲᠡᠵᠦ᠂ 30 ᠭᠠᠷᠤᠶ ᠠᠶᠠᠨᠴᠢᠨ ᠬᠡᠮᠡᠷᠯᠢᠭ ᠲᠤᠭ ᠪᠡᠯᠡᠭᠯᠡᠪᠡ᠃ | | | | | | | | | ᠤᠯᠠᠭᠠᠨᠬᠤᠲᠠ ᠨᠢᠰᠬᠡᠯ ᠤᠨ ᠪᠠᠭᠤᠳᠠᠯ ᠤᠨ ᠭᠠᠵᠠᠷ ᠳᠡᠭᠡᠷᠡᠬᠢ ᠦᠢᠯᠡᠴᠢᠯᠡᠭᠡᠨ ᠤ ᠬᠡᠯᠲᠡᠰ ᠤᠨ ᠳᠡᠳ᠋ | ᠳᠠᠭᠠᠭᠠᠮᠠᠯ ᠯᠢ ᠨᠢᠩ᠂ ᠤᠯᠠᠭᠠᠨᠬᠤᠲᠠ ᠨᠢᠰᠬᠡᠯ ᠤᠨ ᠪᠠᠭᠤᠳᠠᠯ ︽ᠠᠷᠠᠳ ᠤᠨ ᠠᠭᠠᠷ ᠤᠨ ᠠᠶᠠᠯᠠᠯ ᠨᠢ ᠠᠷᠠᠳ | ᠲᠦᠮᠡᠨ ᠤ ᠲᠥᠯᠥᠭᠡ︾ ᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ | ᠠᠶᠠᠨᠴᠢᠳ ᠤᠨ ᠬᠡᠷᠡᠭᠴᠡᠭᠡ ᠠᠴᠠ ᠡᠭᠦᠰᠬᠦ ᠶᠢ ᠪᠠᠷᠢᠮᠲᠠᠯᠠᠵᠤ᠂ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠭᠦᠯᠵᠦ᠂ | ᠪᠦᠬᠦ ᠲᠠᠯ᠎ᠠ ᠶᠢ ᠬᠠᠮᠤᠷᠤᠭᠰᠠᠨ ᠦᠢᠯᠡᠴᠢᠯᠡᠭᠡᠨ ᠤ ᠰᠢᠷᠢᠰ ᠦᠢᠯᠡᠳᠬᠦᠨ ᠤ ᠠᠭᠤᠯᠤᠭᠳᠠᠬᠤᠨ ᠢ ᠪᠠᠶᠠᠯᠢᠭᠵᠢᠭᠤᠯᠵᠤ᠂ | ᠥᠷᠭᠡᠨ ᠤᠯᠠᠨ ᠠᠶᠠᠨᠴᠢᠳ ᠲᠤ ᠨᠡᠩ ᠴᠢᠨᠠᠷ ᠰᠠᠶᠢᠲᠠᠢ᠂ ᠨᠡᠩ ᠳᠣᠲᠣᠨᠣ᠂ ᠨᠡᠩ ᠳᠥᠭᠦᠮ ᠳᠥᠲᠡ ᠦᠢᠯᠡᠴᠢᠯᠡᠭᠡ | ᠬᠠᠩᠭᠠᠨ᠎ᠠ ᠭᠡᠪᠡ᠃ | | | | | |