| | ᠣᠶᠢᠷ᠎ᠠ ᠳᠤ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ 5000 ᠲᠣᠨ ᠠᠶᠢᠮᠠᠭ ᠤᠨ ᠱᠠᠲᠤᠨ ᠤ ᠨᠥᠭᠡᠴᠡ ᠠᠮᠤ ᠶᠢ | ᠬᠤᠳᠠᠯᠳᠤᠨ ᠠᠪᠴᠤ᠂ ᠣᠷᠣᠨ ᠪᠦᠰᠡ ᠶᠢᠨ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠨᠥᠭᠡᠴᠡᠯᠡᠬᠦ | ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠠᠮᠤ ᠪᠤᠳᠠᠭᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | | | | | | ᠰᠣᠷᠪᠤᠯᠵᠢᠯᠠᠭᠴᠢ ᠣᠶᠢᠷ᠎ᠠ ᠳᠤ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ | ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠠᠮᠤ ᠪᠤᠳᠠᠭᠠᠨ ᠤ ᠬᠥᠮᠥᠷᠭᠡ ᠪᠠᠷ ᠬᠦᠷᠬᠦ | ᠳᠤ᠂ ᠠᠵᠢᠯᠲᠠᠳ ᠶᠠᠭ ᠠᠮᠤ ᠪᠤᠳᠠᠭᠠᠨ ᠤ ᠴᠢᠨᠠᠷ ᠤᠨ ᠰᠢᠯᠭᠠᠨ ᠪᠠᠶᠢᠴᠠᠭᠠᠯᠲᠠ᠂ ᠲᠤᠭ᠎ᠠ ᠪᠠᠷᠢᠮᠲᠠ ᠶᠢᠨ ᠲᠡᠮᠳᠡᠭᠯᠡᠯ | ᠬᠢᠵᠦ ᠪᠠᠶᠢᠯ᠎ᠠ᠃ ᠤᠰᠤᠨ ᠲᠤᠲᠤᠷᠭ᠎ᠠ ᠳᠠᠷᠢᠬᠤ᠂ ᠡᠳ᠋ᠰᠢᠭᠦᠯᠬᠦ᠂ ᠪᠣᠷᠣᠯᠠᠭᠤᠯᠬᠤ᠂ ᠮᠡᠷᠭᠡᠵᠢᠯ ᠤᠨ ᠵᠢᠯᠣᠭᠤᠳᠣᠯᠭ᠎ᠠ | ᠬᠢᠬᠦ᠂ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠲᠠᠷᠢᠶᠠᠯᠠᠩ ᠤᠨ ᠨᠡᠭᠡᠭᠡᠨ | ᠬᠥᠭᠵᠢᠭᠦᠯᠦᠯᠲᠡ ᠶᠢᠨ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠠᠯ᠎ᠠ ᠨᠤᠲᠤᠭ ᠤᠨ ᠰᠠᠨ ᠾᠧ ᠲᠣᠰ | ᠤᠳᠠᠭ᠎ᠠ 5000 ᠲᠣᠨ ᠠᠶᠢᠮᠠᠭ ᠤᠨ ᠱᠠᠲᠤᠨ ᠤ ᠨᠥᠭᠡᠴᠡ ᠠᠮᠤ ᠪᠤᠳᠠᠭ᠎ᠠ ᠶᠢ ᠬᠤᠳᠠᠯᠳᠤᠨ ᠠᠪᠴᠤ᠂ ᠣᠷᠣᠨ | ᠪᠦᠰᠡ ᠶᠢᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠮᠤ ᠪᠤᠳᠠᠭ᠎ᠠ ᠡᠳ᠋ᠰᠢᠭᠦᠯᠬᠦ ᠠᠵᠤ ᠠᠬᠤᠶᠢᠯᠠᠯ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ︽ᠲᠣᠰ ᠤᠳᠠᠭᠠᠨ ᠤ ᠠᠶᠢᠮᠠᠭ ᠤᠨ ᠱᠠᠲᠤᠨ ᠤ ᠨᠥᠭᠡᠴᠡ ᠲᠤᠲᠤᠷᠭ᠎ᠠ 3 ᠲᠦᠮᠡᠨ ᠲᠣᠨ ᠨᠡᠮᠡᠭᠳᠡᠵᠦ᠂ | ᠲᠠᠷᠢᠶᠠᠴᠢᠨ ᠡᠷᠦᠬᠡ ᠶᠢᠨ ᠠᠮᠤ ᠪᠤᠳᠠᠭ᠎ᠠ ᠶᠢ ᠬᠥᠮᠥᠷᠭᠡ ᠳᠤ ᠣᠷᠣᠭᠤᠯᠬᠤ ᠳᠤ ᠬᠦᠴᠦᠨ ᠨᠡᠮᠡᠷᠢᠯᠡᠭᠰᠡᠨ ᠪᠥᠭᠡᠳ | ᠮᠠᠨ ᠤ ᠡᠳ᠋ᠰᠢᠭᠦᠯᠬᠦ ᠠᠵᠤ ᠠᠬᠤᠶᠢᠯᠠᠯ ᠤᠨ ᠬᠤᠳᠠᠯᠳᠤᠨ ᠠᠪᠬᠤ ᠬᠤᠭᠤᠴᠠᠭᠠᠨ ᠳᠤ ᠣᠷᠣᠰᠢᠵᠤ ᠪᠠᠶᠢᠭ᠎ᠠ ᠪᠠᠯᠠ | ᠮᠥᠩᠭᠦ ᠳᠤᠲᠠᠭᠳᠠᠵᠤ ᠪᠠᠶᠢᠭ᠎ᠠ ᠠᠰᠠᠭᠤᠳᠠᠯ ᠢ ᠴᠤ ᠰᠢᠢᠳᠪᠦᠷᠢᠯᠡᠪᠡ︾ ᠭᠡᠵᠦ ᠬᠢᠩᠭᠠᠨ ᠠᠶᠢᠮᠠᠭ ᠤᠨ ᠲᠠᠯ᠎ᠠ | ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ | ᠶᠡᠷᠦᠩᠬᠡᠢ ᠳᠠᠭᠠᠭᠠᠮᠠᠯ ᠵᠠᠩ ᠬᠠᠢ ᠹᠧᠩ ᠬᠡᠯᠡᠪᠡ᠃ | ᠳᠤᠯᠠᠭᠠᠨ ᠴᠢᠭᠢᠭ ᠤᠨ ᠬᠡᠮᠵᠢᠶ᠎ᠡ ᠶᠢ ᠣᠨᠣᠪᠴᠢᠲᠠᠶ ᠡᠵᠡᠮᠳᠡᠬᠦ ᠨᠢ ᠠᠮᠤ ᠪᠤᠳᠠᠭ᠎ᠠ ᠢᠯᠵᠢᠷᠠᠬᠤ ᠡᠰᠡᠬᠦ᠂ | ᠬᠤᠷᠣᠬᠠᠶ ᠪᠦᠲᠦᠬᠦ ᠡᠰᠡᠬᠦ ᠲᠠᠢ ᠰᠢᠭᠤᠳ ᠬᠤᠯᠪᠤᠭᠳᠠᠵᠤ᠂ ᠠᠮᠤ ᠪᠤᠳᠠᠭ᠎ᠠ ᠬᠠᠳᠠᠭᠠᠯᠠᠬᠤ ᠵᠠᠩᠭᠢᠯᠠᠭ᠎ᠠ ᠪᠣᠯᠤᠨ᠎ᠠ᠃ | ᠡᠭᠦᠨ ᠳᠤ᠂ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠣᠶᠤᠨᠴᠢ ᠠᠮᠤ ᠪᠤᠳᠠᠭ᠎ᠠ ᠨᠥᠭᠡᠴᠡᠯᠡᠬᠦ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠳᠤ ᠲᠦᠰᠢᠭᠯᠡᠨ᠂ ᠣᠷᠴᠢᠨ ᠲᠣᠭᠤᠷᠢᠨ ᠤ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠴᠤᠭᠯᠠᠭᠤᠯᠤᠨ | ᠵᠠᠳᠠᠯᠵᠤ᠂ ᠰᠠᠯᠬᠢ ᠨᠡᠪᠲᠡᠷᠡᠭᠦᠯᠬᠦ᠂ ᠳᠤᠯᠠᠭᠠᠨ ᠢ ᠡᠵᠡᠮᠳᠡᠬᠦ ᠲᠥᠬᠦᠭᠡᠷᠦᠮᠵᠢ ᠶᠢ ᠬᠥᠳᠡᠯᠦᠩᠭᠦᠶ ᠪᠠᠷ ᠲᠣᠬᠢᠷᠠᠭᠤᠯᠵᠤ᠂ | ᠠᠮᠤ ᠪᠤᠳᠠᠭᠠᠨ ᠤ ᠴᠢᠨᠠᠷ ᠴᠢᠨᠰᠠᠭ᠎ᠠ ᠶᠢ ᠪᠠᠲᠤᠯᠠᠵᠠᠢ᠃ | ︽ᠡᠨᠡ ᠬᠦ ᠰᠢᠰᠲ᠋ᠧᠮ ᠢᠶᠠᠷ ᠳᠠᠮᠵᠢᠨ᠂ ᠬᠥᠮᠥᠷᠭᠡ ᠶᠢᠨ ᠳᠣᠲᠣᠷᠠᠬᠢ ᠡᠯ᠎ᠡ ᠭᠠᠵᠠᠷ ᠤᠨ ᠳᠤᠯᠠᠭᠠᠨ | ᠴᠢᠭᠢᠭ ᠤᠨ ᠬᠡᠮᠵᠢᠶ᠎ᠡ ᠶᠢ ᠴᠠᠭ ᠲᠤᠬᠠᠶ ᠳᠤᠨᠢ ᠬᠢᠨᠠᠨ ᠬᠡᠮᠵᠢᠵᠦ᠂ ᠪᠠᠶᠢᠴᠠᠭᠠᠨ ᠦᠵᠡᠨ ᠲᠡᠮᠳᠡᠭᠯᠡᠵᠦ᠂ ᠬᠡᠪ ᠤᠨ ᠪᠤᠰᠤ | ᠪᠠᠶᠢᠳᠠᠯ ᠢ ᠣᠯᠵᠤ ᠮᠡᠳᠡᠪᠡᠯ᠂ ᠰᠢᠰᠲ᠋ᠧᠮ ᠨᠢ ᠳᠠᠷᠤᠶ ᠲᠦᠷᠭᠡᠨ ᠮᠡᠳᠡᠭᠳᠡᠵᠦ᠂ ᠪᠢᠳᠡ ᠲᠡᠷᠡ ᠳᠠᠷᠤᠶ ᠳᠤᠨᠢ | ᠲᠣᠬᠢᠷᠠᠭᠤᠯᠤᠯᠲᠠ ᠬᠢᠵᠦ᠂ ᠨᠥᠭᠡᠴᠡ ᠠᠮᠤ ᠪᠤᠳᠠᠭ᠎ᠠ ᠶᠢᠨ ᠴᠢᠨᠠᠷ ᠢ ᠪᠠᠲᠤᠯᠠᠬᠤ ᠶᠢ ᠦᠨᠡᠨ ᠬᠦ ᠪᠡᠶᠡᠯᠡᠭᠦᠯᠵᠡᠶ︾ | ᠭᠡᠵᠦ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠰᠠᠨ ᠾᠧ ᠣᠷᠭᠠᠨᠢᠭ ᠲᠠᠷᠢᠶᠠᠯᠠᠩ ᠤᠨ ᠨᠡᠭᠡᠭᠡᠨ | ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠵᠠᠰᠠᠭ ᠵᠠᠬᠢᠷᠭᠠᠨ ᠤ ᠳᠠᠭᠠᠭᠠᠮᠠᠯ ᠼᠦᠢ ᡁᠢ ᠰᠢᠶᠠᠩ | ᠲᠠᠨᠢᠯᠴᠠᠭᠤᠯᠵᠠᠢ᠃ | 5000 ᠲᠣᠨ ᠠᠶᠢᠮᠠᠭ ᠤᠨ ᠱᠠᠲᠤᠨ ᠤ ᠨᠥᠭᠡᠴᠡᠯᠡᠬᠦ ᠲᠤᠲᠤᠷᠭ᠎ᠠ ᠶᠢ ᠰᠢᠨᠵᠢᠯᠡᠬᠦ ᠤᠬᠠᠭᠠᠨᠴᠢ ᠪᠠᠷ | ᠬᠤᠳᠠᠯᠳᠤᠨ ᠠᠪᠴᠤ ᠨᠥᠭᠡᠴᠡᠯᠡᠬᠦ ᠪᠣᠯ ︽ᠠᠮᠤ ᠪᠤᠳᠠᠭ᠎ᠠ ᠶᠢ ᠮᠡᠷᠭᠡᠵᠢᠯ ᠢᠶᠠᠷ ᠬᠠᠳᠠᠭᠠᠯᠠᠬᠤ︾ ᠪᠠᠶᠢᠯᠳᠤᠬᠤ | ᠪᠣᠳᠣᠯᠭ᠎ᠠ ᠶᠢᠨ ᠠᠮᠢᠳᠤᠯᠢᠭ ᠦᠢᠯᠡᠳᠦᠯᠭᠡ ᠮᠥᠨ᠂ ᠨᠠᠩ ᠴᠤ ᠣᠷᠣᠨ ᠪᠦᠰᠡ ᠶᠢᠨ ᠠᠮᠤ ᠪᠤᠳᠠᠭᠠᠨ ᠤ ᠠᠮᠤᠷ | ᠲᠦᠪᠰᠢᠨ ᠤ ᠬᠤᠷᠢᠭ᠎ᠠ ᠱᠤᠭᠤᠮ ᠢ ᠰᠠᠬᠢᠨ ᠬᠠᠮᠠᠭᠠᠯᠠᠬᠤ ᠬᠦᠴᠦᠲᠡᠢ ᠡᠭᠦᠷᠭᠡᠯᠡᠯ ᠮᠥᠨ᠃ ᠢᠷᠡᠭᠡᠳᠦᠢ ᠳᠤ᠂ | ᠤᠯᠠᠭᠠᠨᠬᠤᠲᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠴᠢᠳᠠᠪᠤᠷᠢ ᠣᠯᠭᠤᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠠᠮᠤ ᠪᠤᠳᠠᠭ᠎ᠠ ᠨᠥᠭᠡᠴᠡᠯᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠠᠷᠠᠳ | ᠤᠯᠠᠨ ᠤ ︽ᠪᠤᠳᠠᠭᠠᠨ ᠠᠶᠠᠭ᠎ᠠ︾ ᠶᠢ ᠲᠣᠭᠲᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠨ᠎ᠡ᠃ | | | | | |