ᠣᠯᠠᠨ ᠲᠠᠯ᠎ᠠ ᠬᠤᠯᠪᠣᠭᠠᠯᠠᠨ ᠬᠥᠳᠡᠯᠦᠯᠴᠡᠵᠦ ᠬᠥᠭᠵᠢᠯᠲᠡ ᠶᠢ ᠠᠬᠢᠭᠤᠯᠵᠤ ᠦᠨᠡᠨ ᠰᠡᠳᠬᠢᠯ ᠢᠶᠠᠷ ᠬᠠᠶᠢᠷᠠᠯᠠᠨ ᠬᠠᠯᠠᠮᠵᠢᠯᠠᠵᠣ ᠠᠷᠠᠳ ᠤᠨ ᠠᠮᠢᠳᠤᠷᠠᠯ ᠲᠠᠢ ᠰᠡᠳᠬᠢᠯ ᠵᠢᠷᠦᠬᠡ ᠪᠠᠨ ᠬᠤᠯᠪᠣᠨ᠎ᠠ
ᠨᠡᠶᠢᠲᠡᠯᠡᠭᠰᠡᠨ ᠴᠠᠭ᠄
2025/5/19
        5 ᠰᠠᠷ᠎ᠠ ᠶᠢᠨ 14 ᠤ ᠡᠳᠦᠷ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠵᠧᠩ ᠶᠢᠨ ᠬᠤᠢ᠂ ᠲᠣᠪᠴᠢᠶᠠᠨ ᠤ ᠳᠡᠳ᠋ ᠳᠠᠷᠤᠭ᠎ᠠ ᠵᠣᠣ ᠴᠦᠨ ᠱᠦᠶ ᠨᠠᠷ ᠭᠠᠴᠠᠭ᠎ᠠ ᠲᠣᠰᠬᠤᠨ ᠳᠤ ᠰᠠᠭᠤᠵᠤ ᠬᠠᠪᠰᠤᠷᠤᠨ ᠲᠡᠳᠬᠦᠵᠦ ᠪᠠᠶᠢᠭ᠎ᠠ ᠭᠡᠭᠡᠨᠰᠦ᠋ᠮ᠎ᠡ ᠪᠠᠯᠭᠠᠰᠤᠨ ᠤ ᠨᠥᠬᠦᠷᠯᠡᠯ ᠭᠠᠴᠠᠭ᠎ᠠ ᠳᠤ ᠬᠦᠷᠴᠦ᠂ ᠨᠢᠭᠡᠳᠦᠭᠡᠷ ᠤᠯᠠᠷᠢᠯ ᠤᠨ ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠠᠵᠢᠯ ᠤᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠭᠰᠠᠨ ᠪᠥᠭᠡᠳ ᠲᠠᠷᠠᠭᠠᠴᠢ ᠶᠢᠨ ᠱᠠᠲᠤᠨ ᠤ ᠭᠠᠴᠠᠭ᠎ᠠ ᠲᠣᠰᠬᠤᠨ ᠳᠤ ᠰᠠᠭᠤᠬᠤ ᠠᠵᠢᠯ ᠤᠨ ᠲᠤᠬᠠᠶ ᠪᠣᠳᠠᠲᠠᠶ ᠪᠠᠶᠢᠷᠢᠯᠠᠭᠤᠯᠤᠯᠲᠠ ᠬᠢᠪᠠ᠃ ᠬᠤᠷᠠᠯ ᠤᠨ ᠳᠠᠷᠠᠭ᠎ᠠ᠂ ᠵᠧᠩ ᠶᠢᠨ ᠬᠤᠢ ᠨᠠᠷ ᠪᠠᠰᠠ ᠭᠤᠣᠯᠳᠠᠯᠭ᠎ᠠ ᠲᠠᠢ ᠬᠢᠨᠠᠨ ᠬᠡᠮᠵᠢᠬᠦ ᠡᠷᠦᠬᠡ ᠶᠢ ᠪᠣᠯᠭᠤᠭᠠᠨ ᠲᠣᠬᠤᠨᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠪᠠ᠃ ᠭᠡᠭᠡᠨᠰᠦ᠋ᠮ᠎ᠡ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ ᠬᠠᠮᠲᠤ ᠪᠠᠷ ᠠᠵᠢᠯᠯᠠᠭ᠎ᠠ ᠳᠤ ᠣᠷᠣᠯᠴᠠᠪᠠ᠃
1.jpg
       ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠶᠠᠷᠢᠯᠴᠠᠬᠤ ᠬᠤᠷᠠᠯ ᠳᠡᠭᠡᠷ᠎ᠡ᠂ ᠨᠥᠬᠦᠷᠯᠡᠯ ᠭᠠᠴᠠᠭᠠᠨ ᠤ ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠵᠠᠩ ᠰᠢᠶᠤᠤ ᠸᠧᠶ ᠨᠢᠭᠡᠳᠦᠭᠡᠷ ᠤᠯᠠᠷᠢᠯ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠵᠡᠷᠭᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠵᠢᠴᠢ ᠲᠠᠷᠠᠭᠠᠴᠢ ᠶᠢᠨ ᠠᠯᠬᠤᠮ ᠤᠨ ᠲᠥᠯᠥᠪᠯᠡᠭᠡ ᠪᠠᠨ ᠨᠠᠷᠢᠨ ᠲᠣᠳᠣᠷᠬᠠᠶ ᠬᠠᠷᠢᠭᠤ ᠮᠡᠳᠡᠭᠦᠯᠪᠡ᠃ ᠲᠣᠪᠴᠢᠶᠠᠨ ᠳᠠᠷᠤᠭ᠎ᠠ ᠵᠧᠩ ᠶᠢᠨ ᠬᠤᠢ ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠠᠩᠭᠢ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ᠂ ᠨᠡᠶᠢᠭᠡᠮ ᠤᠨ ᠪᠠᠲᠤᠯᠠᠭ᠎ᠠ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠲᠣᠪᠴᠢᠶᠠᠨ ᠤ ᠳᠡᠳ᠋ ᠳᠠᠷᠤᠭ᠎ᠠ ᠵᠣᠣ ᠴᠦᠨ ᠱᠦᠢ ᠭᠠᠴᠠᠭᠠᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠠᠮᠲᠤ ᠶᠢᠨ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠠᠵᠢᠯ ᠳᠤ ᠰᠠᠨᠠᠭᠤᠯᠭ᠎ᠠ ᠳᠤᠷᠠᠳᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠸᠧᠨ ᠮᠢᠩ᠂ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠠᠴᠠᠭ᠎ᠠ ᠲᠣᠰᠬᠤᠨ ᠳᠤ ᠰᠠᠭᠤᠭ᠎ᠠ ᠠᠵᠢᠯ  ᠤᠨ ᠠᠩᠬᠢ ᠶᠢᠨ ᠠᠵᠢᠯ ᠢᠶᠠᠨ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠲᠦᠷᠦ ᠶᠢᠨ ᠪᠤᠳᠤᠯᠭ᠎ᠠ ᠶᠢ ᠵᠣᠯᠭᠠᠭᠤᠯᠬᠤ ᠪᠠ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠥᠬᠦᠷᠯᠡᠯ ᠭᠠᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠢᠯᠡᠳᠬᠡᠪᠡ᠃
2.jpg
3.jpg
       ᠶᠠᠷᠢᠯᠴᠠᠬᠤ ᠬᠤᠷᠠᠯ ᠳᠠᠭᠤᠰᠤᠭᠰᠠᠨ ᠤ ᠲᠠᠷᠠᠭ᠎ᠠ᠂ ᠵᠧᠩ ᠶᠢᠨ ᠬᠤᠢ ᠨᠠᠷ ᠭᠤᠣᠯᠳᠠᠯᠭ᠎ᠠ ᠲᠠᠢ ᠬᠢᠨᠠᠨ ᠬᠡᠮᠵᠢᠬᠦ ᠡᠷᠦᠬᠡ ᠶᠢ ᠲᠣᠬᠤᠨᠢᠭᠤᠯᠪᠠ᠃ ᠡᠷᠦᠬᠡ ᠪᠠᠷ ᠬᠦᠷᠬᠦ ᠪᠦᠷᠢ᠂ ᠲᠠᠳᠠ ᠬᠢᠨᠠᠨ ᠬᠡᠮᠵᠢᠬᠦ ᠡᠷᠦᠬᠡ ᠶᠢᠨ ᠬᠥᠮᠦᠰ ᠲᠠᠢ ᠳᠣᠲᠣᠨᠣᠰᠤᠭ ᠢᠶᠠᠷ ᠵᠣᠭᠤᠭᠳᠠᠵᠤ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠬᠡᠷ ᠪᠦᠯᠢ ᠶᠢᠨ ᠣᠷᠣᠯᠭ᠎ᠠ᠂ ᠦᠷ᠎ᠡ ᠬᠡᠤᠬᠡᠳ ᠤᠨ ᠰᠤᠷᠭᠠᠨ ᠬᠥᠮᠦᠵᠢᠯ ᠪᠠ ᠡᠮ ᠡᠮᠨᠡᠯᠭᠡ ᠶᠢᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠠᠶ᠃ ᠲᠣᠪᠴᠢᠶᠠᠨ ᠳᠠᠷᠤᠭ᠎ᠠ ᠵᠧᠩ ᠶᠢᠨ ᠬᠤᠢ ᠬᠢᠨᠠᠨ ᠬᠡᠮᠵᠢᠬᠦ ᠡᠷᠦᠬᠡ ᠶᠢᠨ ᠬᠥᠮᠦᠰ ᠢ ᠢᠲᠡᠭᠡᠯ ᠵᠣᠷᠢᠭ ᠢᠶᠠᠨ ᠪᠠᠲᠤᠳᠬᠠᠵᠤ᠂ ᠥᠪᠡᠷ ᠤᠨ ᠴᠢᠷᠮᠠᠶᠢᠯᠭ᠎ᠠ ᠪᠣᠯᠤᠨ ᠨᠠᠮ ᠪᠠ ᠵᠠᠰᠠᠭ ᠤᠨ ᠣᠷᠳᠣᠨ ᠤ ᠬᠠᠪᠰᠤᠷᠤᠨ ᠲᠡᠳᠬᠦᠮᠵᠢ ᠳᠤ ᠲᠦᠰᠢᠭᠯᠡᠨ ᠪᠠᠶᠠᠵᠢᠯ ᠤᠨ ᠵᠠᠮ ᠢᠶᠠᠷ ᠵᠠᠮᠨᠠᠬᠤ ᠶᠢ ᠵᠣᠷᠢᠭᠵᠢᠭᠤᠯᠬᠤ ᠶᠢᠨ ᠬᠠᠮᠲᠤ ᠭᠠᠴᠠᠭ᠎ᠠ ᠲᠣᠰᠬᠤᠨ ᠳᠤ ᠰᠠᠭᠤᠭ᠎ᠠ ᠭᠡᠰᠢᠭᠦᠳ ᠢ ᠬᠢᠨᠠᠨ ᠬᠡᠮᠵᠢᠬᠦ ᠡᠷᠦᠬᠡ ᠶᠢᠨ ᠬᠡᠷᠡᠭᠴᠡᠭᠡ ᠶᠢ ᠬᠥᠳᠡᠯᠦᠩᠭᠦᠢ ᠪᠠᠷ ᠮᠥᠷᠳᠡᠨ ᠬᠢᠨᠠᠨ ᠬᠡᠮᠵᠢᠵᠦ᠂ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠪᠣᠳᠠᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ᠂ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠨᠡᠮᠡᠭᠳᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ 5 ᠰᠠᠷ᠎ᠠ ᠶᠢᠨ 9 ᠤ ᠡᠳᠦᠷ᠂ ᠤᠯᠠᠭᠠᠨᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠭᠠᠴᠠᠭ᠎ᠠ ᠲᠣᠰᠬᠤᠨ ᠳᠤ ᠰᠠᠭᠤᠭ᠎ᠠ ᠠᠵᠢᠯ ᠤᠨ ᠠᠩᠭᠢ ᠨᠥᠬᠦᠷᠯᠡᠯ ᠭᠠᠴᠠᠭᠠᠨ ᠤ ᠬᠢᠨᠠᠨ ᠬᠡᠮᠵᠢᠬᠦ ᠡᠷᠦᠬᠡ ᠳᠤ ᠬᠥᠭᠵᠢᠯᠲᠡ ᠶᠢᠨ ︽ᠰᠢᠨ᠎ᠡ ᠬᠦᠰᠡᠯ︾ ᠢ ᠬᠦᠷᠭᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠠᠵᠢᠯ ᠤᠨ ᠠᠩᠭᠢ ᠡᠷᠦᠬᠡ ᠪᠦᠷᠢ ᠳᠤ 70 ᠴᠤᠷᠪᠠᠭ᠎ᠠ ᠲᠦᠭᠡᠭᠡᠪᠡ᠃ ᠲᠡᠵᠢᠭᠡᠨ ᠦᠷᠡᠵᠢᠭᠦᠯᠬᠦ ᠠᠰᠢᠭ ᠣᠯᠵᠠᠪᠤᠷᠢ ᠶᠢ ᠪᠠᠲᠤᠯᠠᠬᠤ ᠶᠢᠨ ᠲᠥᠯᠥᠭᠡ᠂ ᠲᠤᠬᠠᠶ ᠶᠢᠨ ᠲᠠᠯᠠᠪᠤᠷ ᠲᠤ ᠬᠤᠷᠢᠶᠠᠨ ᠠᠪᠬᠤ ᠵᠠᠬᠢᠶᠠᠯᠠᠭ᠎ᠠ ᠶᠢᠨ ᠭᠡᠷ᠎ᠡ ᠲᠣᠭᠲᠠᠬᠤ ᠶᠢᠨ ᠬᠠᠮᠲᠤ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠳᠡᠯᠭᠡ ᠶᠢ ᠲᠠᠶᠢᠯᠪᠤᠷᠢᠯᠠᠵᠤ᠂ ᠣᠯᠠᠨ ᠢᠶᠠᠷ ᠢᠶᠠᠨ ᠨᠠᠷᠢᠨ ᠨᠢᠮᠪᠠᠶ ᠲᠡᠵᠢᠭᠡᠨ ᠠᠷᠠᠴᠢᠯᠠᠵᠤ᠂ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠵᠣᠷᠢᠭᠵᠢᠭᠤᠯᠵᠠᠢ᠃
4.jpg
       ᠲᠣᠰ ᠤᠳᠠᠭᠠᠨ ᠤ ᠠᠵᠢᠯᠯᠠᠭ᠎ᠠ ᠨᠢ ᠭᠠᠴᠠᠭ᠎ᠠ ᠲᠣᠰᠬᠤᠨ ᠳᠤ ᠰᠠᠭᠤᠬᠤ ᠠᠵᠢᠯ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠪᠠ᠃ ᠳᠠᠷᠠᠭᠠᠴᠢ ᠶᠢᠨ ᠠᠯᠬᠤᠮ ᠳᠤ᠂ ᠭᠡᠭᠡᠨᠰᠦ᠋ᠮ᠎ᠡ ᠪᠠᠯᠭᠠᠰᠤ ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠵᠢᠯᠣᠭᠤᠳᠤᠯᠭ᠎ᠠ ᠪᠠᠷ ᠲᠣᠬᠢᠶᠠᠯ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢᠨ ᠲᠤᠭᠤᠷᠢᠨ ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠶᠢ ᠡᠭᠦᠳᠦᠨ ᠰᠢᠪᠲᠤᠯᠤᠯᠲᠠ ᠭᠠᠷᠭᠠᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠭᠡᠭᠡᠨᠰᠦ᠋ᠮ᠎ᠡ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃
 
ᠢᠷᠡᠯᠲᠡ᠄ ᠭᠡᠭᠡᠨᠰᠦ᠋ᠮ᠎ᠡ ᠪᠠᠯᠭᠠᠰᠤ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号