| ᠪᠥᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠷᠤᠢ ᠬᠤᠷᠤᠢ ᠦᠭᠡᠢ | ᠪᠠᠶᠢᠳᠠᠯ ᠢ ᠴᠡᠪᠡᠷᠯᠡᠬᠦ︾ ᠵᠢᠴᠢ ︽ᠭᠤᠯᠳᠤᠷᠢᠯ ᠢ ᠴᠡᠪᠡᠷᠯᠡᠬᠦ ᠠᠵᠢᠯᠯᠠᠭ᠎ᠠ︾ ᠶᠢ ᠪᠥᠬᠦ ᠬᠦᠴᠦᠨ ᠢᠶᠠᠷ ᠠᠬᠢᠭᠤᠯᠵᠤ᠂ | ᠭᠤᠤᠯ ᠮᠥᠷᠡᠨ ᠨᠠᠭᠤᠷ ᠴᠥᠭᠦᠷᠥᠮ ᠤᠨ ᠡᠷᠭᠢᠨ ᠲᠣᠭᠤᠷᠢᠨ ᠢ ᠦᠷᠭᠦᠯᠵᠢᠯᠡᠨ ᠴᠢᠩᠭ᠎ᠠ ᠬᠠᠮᠢᠶᠠᠷᠤᠨ ᠡᠵᠡᠮᠳᠡᠬᠦ ᠶᠢᠨ | ᠲᠥᠯᠥᠭᠡ᠂ ᠣᠶᠢᠷ᠎ᠠ ᠳᠤ᠂ ᠤᠯᠠᠭᠠᠨᠬᠤᠲᠠ ᠶᠢᠨ ᠭᠤᠤᠯ ᠮᠥᠷᠡᠨ ᠤ ᠳᠠᠷᠤᠭ᠎ᠠ ᠶᠢᠨ ᠲᠦᠷᠢᠮ ᠤᠨ ᠠᠯᠪᠠᠨ ᠬᠡᠷ᠂ | ᠤᠯᠠᠭᠠᠨᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠪᠠ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ 2025 ᠣᠨ ᠤ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ | ᠬᠠᠪᠤᠷ ᠤᠨ ᠤᠯᠠᠷᠢᠯ︾ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | | | | ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤᠨ ᠤ ᠤᠯᠠᠭᠠᠨᠬᠠᠳᠠ ᠭᠠᠴᠠᠭᠠᠨ ᠤ ᠠᠮᠤᠭᠤᠯᠠᠩ ᠭᠤᠤᠯ ᠤᠨ | ᠡᠷᠭᠢᠨ ᠲᠣᠭᠤᠷᠢᠨ ᠳᠤ᠂ ᠮᠠᠰᠢᠨ ᠬᠦᠷᠴᠢᠭᠢᠨᠡᠵᠦ᠂ ᠲᠣᠮᠣ ᠬᠡᠯᠪᠡᠷᠢ ᠶᠢᠨ ᠴᠡᠪᠡᠷᠯᠡᠬᠦ ᠲᠥᠬᠦᠭᠡᠷᠦᠮᠵᠢ ᠭᠤᠣᠯ ᠤᠨ ᠵᠠᠮ | ᠳᠣᠲᠣᠷᠠᠬᠢ ᠯᠠᠭ ᠰᠢᠪᠠᠷ᠂ ᠡᠯᠳᠡᠪ ᠶᠠᠭᠤᠮ᠎ᠠ ᠵᠡᠷᠭᠡ ᠶᠢ ᠪᠥᠬᠦ ᠲᠠᠯ᠎ᠠ ᠪᠠᠷ ᠴᠡᠪᠡᠷᠯᠡᠨ᠎ᠡ᠃ ᠡᠭᠦᠨ ᠤ ᠬᠠᠮᠲᠤ᠂ | ᠬᠤᠲᠠ ᠶᠢᠨ ᠲᠡᠭᠦᠷᠭᠡ ᠵᠡᠭᠡᠯᠢ ᠶᠢᠨ ᠬᠤᠩ ᠯᠢᠶᠠᠨ ᠲᠣᠰᠬᠤᠨ ᠤ ᠬᠡᠰᠡᠭ ᠲᠠᠬᠢ ᠬᠦᠢᠯᠡᠷ ᠭᠤᠣᠯ ᠤᠨ ᠰᠠᠪᠠ | ᠭᠠᠵᠠᠷ ᠲᠤ᠂ ᠭᠤᠣᠯ ᠮᠦᠷᠡᠨ ᠤ ᠳᠠᠷᠤᠭ᠎ᠠ ᠭᠤᠣᠯ ᠢ ᠴᠠᠭᠳᠠᠬᠤ APP ᠪᠠᠷ ᠭᠤᠣᠯ ᠢ ᠴᠠᠭᠳᠠᠬᠤ ᠠᠵᠢᠯ ᠢ | ᠥᠷᠨᠢᠭᠦᠯᠵᠦ᠂ ᠭᠤᠣᠯ ᠤᠨ ᠵᠠᠮ ᠤᠨ ᠨᠠᠷᠢᠨ ᠵᠦᠢᠯᠡᠰ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠠᠵᠠᠭᠤ ᠳᠤ ᠨᠢ | ᠪᠠᠶᠢᠭ᠎ᠠ ᠬᠠᠰᠢᠯᠭ᠎ᠠ ᠬᠠᠮᠠᠭᠠᠯᠠᠭᠴᠢ ᠪᠠᠭᠠᠵᠢ ᠪᠠᠷᠢᠵᠤ᠂ ᠭᠤᠣᠯ ᠤᠨ ᠬᠠᠪᠢ ᠪᠠᠷ ᠬᠢ ᠬᠤᠭ ᠨᠣᠪᠰᠢ ᠶᠢ ᠲᠡᠭᠦᠵᠦ᠂ | ᠪᠣᠳᠠᠲᠤ ᠠᠵᠢᠯᠯᠠᠭ᠎ᠠ ᠪᠠᠷ ᠢᠶᠠᠨ ᠭᠤᠣᠯ ᠤᠨ ᠡᠷᠭᠢ ᠶᠢᠨ ᠠᠷᠢᠭᠤᠨ ᠴᠡᠪᠡᠷ ᠪᠠᠶᠢᠬᠤ ᠶᠢ ᠪᠠᠲᠤᠯᠠᠨ᠎ᠠ᠃ | | | | | | | ︽ᠬᠤᠳᠠ ᠶᠢᠨ ᠲᠡᠭᠦᠷᠭᠡ ᠵᠡᠭᠡᠯᠢ ᠶᠢᠨ ᠬᠢᠨ ︿ᠭᠤᠣᠯ ᠮᠦᠷᠡᠨ ᠤ ᠳᠠᠷᠤᠭ᠎ᠠ ᠶᠢᠨ ᠳᠦᠷᠢᠮ﹀ ᠤᠨ ᠡᠯ᠎ᠡ | ᠵᠦᠢᠯ ᠤᠨ ᠠᠵᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠮᠥᠷᠡᠨ ᠢ ᠲᠣᠭᠤᠷᠢᠨ ᠪᠠᠶᠢᠴᠠᠭᠠᠵᠤ | ᠬᠠᠮᠢᠶᠠᠷᠤᠨ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠮᠥᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ | ᠲᠠᠰᠤᠷᠠᠯᠲᠠ ᠦᠭᠡᠢ ᠰᠠᠶᠢᠵᠢᠷᠠᠭᠤᠯᠵᠤ᠂ ᠭᠤᠣᠯ ᠤᠨ ᠵᠠᠮ ᠤᠨ ᠬᠠᠮᠢᠶᠠᠷᠤᠯᠲᠠ ᠶᠢ ᠪᠠᠶᠢᠩᠭᠤᠵᠢᠭᠤᠯᠬᠤ᠂ | ᠵᠢᠷᠤᠮᠵᠢᠭᠤᠯᠬᠤ᠂ ᠨᠠᠷᠢᠯᠢᠭᠵᠢᠭᠤᠯᠬᠤ ᠶᠢ ᠪᠡᠶᠡᠯᠡᠭᠦᠯᠵᠦ᠂ ᠤᠰᠤ ᠶᠢ ᠬᠠᠮᠲᠤᠪᠠᠷ ᠬᠠᠮᠠᠭᠠᠯᠠᠬᠤ ᠰᠠᠶᠢᠨ ᠰᠠᠶᠢᠬᠠᠨ ᠠᠮᠢ | ᠠᠬᠤᠢ ᠶᠢᠨ ᠠᠭᠤᠷ ᠠᠮᠢᠰᠬᠤᠯ ᠢ ᠢᠳᠡᠪᠬᠢᠲᠡᠢ ᠪᠤᠢ ᠪᠣᠯᠭᠠᠨ᠎ᠠ︾ ᠭᠡᠵᠦ ᠤᠯᠠᠭᠠᠨᠬᠤᠲᠠ ᠶᠢᠨ ᠬᠤᠲᠠ ᠶᠢᠨ ᠲᠡᠭᠦᠷᠭᠡ | ᠵᠡᠭᠡᠯᠢ ᠶᠢᠨ ᠨᠠᠮ ᠤᠨ ᠠᠵᠢᠯ ᠤᠨ ᠵᠥᠪᠯᠡᠯ ᠤᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠵᠧᠤ | ᠸᠧᠨ ᠷᠦ᠋ ᠬᠡᠯᠡᠪᠡ᠃ | | | | | | | ᠭᠤᠣᠯ ᠮᠥᠷᠡᠨ ᠨᠠᠭᠤᠷ ᠴᠥᠭᠦᠷᠥᠮ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠢ ᠴᠡᠭᠴᠡᠯᠡᠨ ᠵᠠᠰᠠᠬᠤ ᠶᠢ ᠨᠡᠩ ᠰᠠᠶᠢᠲᠤᠷ ᠠᠬᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣ᠂ | ᠣᠷᠣᠨ ᠪᠦᠰᠡ ᠶᠢᠨ ᠬᠤᠭᠤᠷᠣᠨᠳᠣᠬᠢ ᠵᠣᠬᠢᠴᠠᠭᠤᠯᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ | ᠤᠯᠠᠭᠠᠨᠬᠤᠲᠠ ᠶᠢᠨ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠯᠪᠠᠨ ᠭᠡᠷ᠂ ᠤᠯᠠᠭᠠᠨᠬᠤᠲᠠ ᠶᠢᠨ ᠠᠷᠠᠳ ᠤᠨ | ᠪᠠᠶᠢᠴᠠᠭᠠᠬᠤ ᠬᠤᠷᠢᠶ᠎ᠠ᠂ ᠤᠯᠠᠭᠠᠨᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠵᠢᠯᠲᠠᠳ ᠢᠯᠠᠯᠲᠠ | ᠪᠠᠯᠭᠠᠰᠤᠨ ᠤ ᠵᠡᠭᠦᠨ ᠪᠣᠳᠠᠷᠭᠠᠨ ᠭᠠᠴᠠᠭᠠᠨ ᠤ ᠬᠡᠰᠡᠭ ᠲᠠᠬᠢ ᠲᠤᠭᠤᠷ ᠤᠨ ᠭᠤᠣᠯ ᠤᠨ ᠤᠰᠤᠨ ᠣᠷᠣᠨ ᠳᠤ | ᠲᠣᠭᠤᠷᠢᠨ ᠪᠠᠶᠢᠴᠠᠭᠠᠬᠤ ᠠᠵᠢᠯ ᠥᠷᠨᠢᠭᠦᠯᠵᠦ᠂ ᠲᠤᠬᠠᠢ ᠶᠢᠨ ᠲᠠᠯᠠᠪᠠᠢ ᠳᠤ ᠲᠣᠭᠤᠷᠢᠨ ᠪᠠᠶᠢᠴᠠᠭᠠᠭᠰᠠᠨ | ᠪᠠᠶᠢᠳᠠᠯ ᠢᠶᠠᠨ ᠶᠠᠷᠢᠯᠴᠠᠵᠤ᠂ ᠢᠯᠡᠷᠡᠭᠦᠯᠦᠭᠰᠡᠨ ᠠᠰᠠᠭᠤᠳᠠᠯ ᠢ ᠲᠡᠮᠳᠡᠭᠯᠡᠵᠦ᠂ ᠲᠤᠰᠬᠠᠢ ᠮᠡᠷᠭᠡᠵᠢᠯ ᠤᠨ ᠣᠪᠣᠷ ᠪᠣᠯᠤᠨ | ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠲᠤᠭᠤᠷ ᠤᠨ ᠭᠤᠣᠯ ᠤᠨ ᠠᠮᠢ ᠠᠬᠤᠢ ᠶᠢᠨ ᠠᠮᠤᠷ | ᠲᠦᠪᠰᠢᠨ ᠢ ᠬᠠᠮᠠᠭᠠᠯᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠪᠠ᠃ | | | | | | | ᠣᠶᠢᠯᠠᠭᠠᠭᠰᠠᠨ ᠢᠶᠠᠷ᠂ 2025 ᠣᠨ ᠤ 4 ᠰᠠᠷ᠎ᠠ ᠠᠴᠠ ᠣᠲᠤᠬᠠᠨ ᠪᠣᠯᠲᠠᠯ᠎ᠠ᠂ ᠤᠯᠠᠭᠠᠨᠬᠤᠲᠠ ᠶᠢᠨ | ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ︽ᠬᠠᠪᠤᠷ ᠤᠨ ᠤᠯᠠᠷᠢᠯ︾ ᠤᠨ | ᠠᠵᠢᠯᠯᠠᠭ᠎ᠠ ᠳᠤ ᠨᠡᠶᠢᠲᠡ 150 ᠭᠠᠷᠤᠶ ᠬᠥᠮᠦᠨ ᠤᠳᠠᠭ᠎ᠠ ᠣᠷᠣᠯᠴᠨ᠂ ᠡᠯ᠎ᠡ ᠲᠥᠷᠥᠯ ᠤᠨ ᠬᠤᠭ ᠨᠣᠪᠰᠢ ᠶᠢ | 100 ᠭᠠᠷᠤᠶ ᠪᠣᠰᠤᠭ᠎ᠠ ᠳᠥᠷᠪᠡᠯᠵᠢᠨ ᠮᠧᠲᠷ ᠴᠡᠪᠡᠷᠯᠡᠵᠦ᠂ 2.4 ᠺᠢᠯᠣᠮᠧᠲᠷ ᠭᠤᠤᠯ ᠤᠨ ᠵᠠᠮ ᠢ ᠨᠡᠪᠲᠡᠷᠡᠭᠦᠯᠦᠨ᠂ | ᠦᠨᠡᠨ ᠪᠣᠳᠠᠲᠠᠶ ᠦᠷ᠎ᠡ ᠪᠦᠲᠦᠮᠵᠢ ᠣᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ | ᠲᠣᠭᠤᠷᠢᠨ ᠢ ᠪᠦᠲᠦᠮᠵᠢᠲᠡᠶ ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠬᠤᠲᠠ ᠶᠢᠨ ᠪᠦᠬᠦᠯᠢ ᠴᠣᠭᠴᠠ ᠶᠢᠨ | ᠳᠦᠷᠢ ᠲᠥᠷᠬᠦ ᠶᠢ ᠳᠡᠭᠡᠭᠰᠢᠯᠡᠭᠦᠯᠦᠭᠰᠡᠨ ᠪᠥᠭᠡᠳ ᠪᠠᠰᠠ ᠣᠯᠠᠨ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠵᠦ᠂ | ᠭᠤᠤᠯ ᠮᠥᠷᠡᠨ ᠨᠠᠭᠤᠷ ᠴᠥᠭᠦᠷᠥᠮ ᠢ ᠬᠠᠮᠢᠶᠠᠷᠤᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠴᠢᠩᠭᠠᠷᠠᠭᠤᠯᠵᠤ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠡᠷ | ᠣᠷᠣᠨ ᠢ ᠪᠥᠲᠥᠭᠡᠨ ᠪᠠᠶᠢᠭᠤᠯᠵᠤ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠠᠮᠢ ᠠᠬᠤᠶ ᠶᠢᠨ | ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ | | | | |